ᠮᠠᠨ ᠤ ᠣᠷᠣᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠪᠡ
ᠨᠡᠶᠢᠲᠡᠯᠡᠭᠰᠡᠨ ᠴᠠᠭ᠄
2024/3/5
      2 ᠰᠠᠷ᠎ᠠ ᠶᠢᠨ 27 ᠤ ᠦᠳᠡ ᠶᠢᠨ ᠡᠮᠦᠨ᠎ᠡ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠣᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠰᠠᠭᠤᠷᠢ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠭᠦᠭᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢ ᠬᠠᠮᠲᠤ ᠪᠠᠷ ᠪᠠᠶᠢᠭᠤᠯᠵᠤ᠂ ᠲᠡᠷᠡ ᠨᠢ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠳᠠᠬᠢ ᠴᠣᠷ ᠤᠨ ᠭᠠᠭᠴᠠ ᠬᠠᠮᠲᠤᠷᠠᠨ ᠡᠷᠭᠢᠯᠡᠭᠰᠡᠨ ᠰᠤᠷᠭᠠᠭᠤᠯᠢ ᠪᠣᠯᠤᠭᠰᠠᠨ ᠪᠠᠶᠢᠨ᠎ᠠ᠃      ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ︽ᠰᠤᠷᠭᠠᠨ ᠬᠥᠮᠦᠵᠢᠯ ᠢ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠳᠤ ᠦᠨᠳᠦᠰᠦᠯᠡᠨ᠂ ᠭᠦᠭᠡᠬᠤᠲᠠ ᠶᠢᠨ ᠰᠠᠶᠢᠬᠠᠨ ᠲᠣᠭᠤᠷᠢᠭ ᠲᠤ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠪᠦᠭᠦ ᠲᠠᠯ᠎ᠠ ᠪᠠᠷ ᠣᠷᠣᠭᠤᠯᠤᠨ ᠠᠪᠴᠢᠷᠠᠵᠤ᠂ ᠤᠤᠯ ᠤᠨ ᠰᠢᠯᠢ ᠶᠢᠨ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠹᠧᠩᠵᠸᠦ ᠵᠠᠮ ᠤᠨ ᠬᠤᠪᠢᠶᠠᠷᠢ ᠰᠤᠷᠭᠠᠭᠤᠯᠢ ᠶᠢᠨ ᠨᠡᠷ᠎ᠡ ᠶᠢ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠭᠦᠭᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠭᠡᠵᠦ ᠬᠠᠯᠠᠪᠠ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠠᠴᠠ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠶᠡᠷᠦᠩᠬᠡᠢ ᠵᠠᠬᠢᠷᠤᠯ ᠴᠢᠦᠢ ᠵᠢᠶᠠᠨ ᠬᠤᠸᠠ ᠶᠢ ᠲᠡᠷᠢᠭᠦᠨ ᠲᠤᠰᠬᠠᠢ ᠮᠡᠷᠭᠡᠵᠢᠯᠲᠡᠨ ᠢᠶᠠᠷ ᠰᠣᠩᠭᠤᠨ ᠲᠣᠮᠢᠯᠠᠵᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠩᠬ᠎ᠠ ᠵᠡᠷᠭᠡ ᠶᠢᠨ ᠰᠤᠷᠭᠠᠨ ᠬᠥᠮᠦᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠯᠢᠦ ᠢ ᠶᠢᠩ ᠢ ᠰᠢᠨᠵᠢᠯᠡᠭᠡ ᠰᠤᠳᠤᠯᠭᠠᠨ ᠤ ᠳᠡᠳ᠋ ᠵᠠᠬᠢᠷᠤᠯ ᠢᠶᠠᠷ ᠲᠣᠮᠢᠯᠠᠪᠠ᠃ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠤᠤᠯ ᠤᠨ ᠨᠠᠮ ᠤᠨ ᠶᠡᠷᠦᠩᠬᠡᠢ ᠡᠭᠦᠷ ᠤᠨ ᠱᠦᠵᠢ ᠴᠧᠨ ᠰᠦ᠋ ᠴᠢᠨ ᠪᠣᠯᠣᠨ ᠳᠡᠳ᠋ ᠵᠠᠬᠢᠷᠤᠯ ᠮᠠ ᠹᠧᠩ ᠬᠤᠸᠠ ᠶᠢ ᠲᠤᠰ ᠲᠤᠰ ᠰᠤᠷᠭᠠᠭᠤᠯᠢ ᠶᠢᠨ ᠵᠠᠬᠢᠷᠤᠯ ᠪᠣᠯᠣᠨ ᠳᠡᠳ᠋ ᠵᠠᠬᠢᠷᠤᠯ ᠢᠶᠠᠷ ᠰᠤᠷᠭᠠᠭᠤᠯᠢ ᠳᠤ ᠰᠠᠭᠤᠯᠭᠠᠨ ᠬᠠᠮᠢᠶᠠᠷᠤᠭᠤᠯᠬᠤ ᠪᠠᠷ ᠰᠣᠩᠭᠤᠨ ᠲᠣᠮᠢᠯᠠᠪᠠ᠃ ᠳᠤᠰ ᠰᠤᠷᠭᠠᠭᠤᠯᠢ ᠶᠢ ︽ᠲᠡᠷᠢᠭᠦᠨ ᠤ ᠵᠢᠭᠠᠨ ᠰᠤᠷᠭᠠᠯᠲᠠ ᠶᠢᠨ ᠲᠥᠬᠦᠭᠡᠷᠦᠮᠵᠢ᠂ ᠲᠡᠷᠢᠭᠦᠨ ᠤ ᠬᠠᠮᠢᠶᠠᠷᠤᠯᠲᠠ ᠶᠢᠨ ᠪᠦᠯᠭᠦᠮ᠂ ᠲᠡᠷᠢᠭᠦᠨ ᠤ ᠪᠠᠭᠰᠢ ᠶᠢᠨ ᠪᠦᠯᠭᠦᠮ᠂ ᠲᠡᠷᠢᠭᠦᠨ ᠤ ᠵᠢᠭᠠᠨ ᠰᠤᠷᠭᠠᠯᠲᠠ ᠶᠢᠨ ᠶᠠᠰᠤ ᠴᠢᠨᠠᠷ ᠲᠠᠢ︾ ᠪᠦᠭᠦ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠳᠤ ᠰᠢᠯᠢᠳᠡᠭ ᠬᠡᠪ ᠳᠠᠭᠤᠷᠢᠶᠠᠯ ᠪᠤᠯᠬᠤ ᠰᠤᠷᠭᠠᠭᠤᠯᠢ ᠪᠣᠯᠭᠠᠨ ᠴᠢᠷᠮᠠᠶᠢᠨ ᠪᠠᠶᠢᠭᠤᠯᠬᠤ ᠶᠢᠨ ᠬᠠᠮᠲᠤ ᠭᠦᠭᠡᠬᠤᠲᠠ ᠶᠢᠨ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠭᠦ᠂ ᠲᠠᠰ ᠳᠡᠪᠰᠢᠬᠦ᠂ ᠥᠪᠡᠷᠮᠢᠴᠡ ᠣᠨᠴᠠᠯᠢᠭ ᠲᠠᠢ ᠪᠤᠯᠬᠤ᠂ ᠨᠠᠷᠠᠲᠤ ᠲᠥᠷᠥᠯ ᠲᠡᠮᠳᠡᠭᠲᠦ ᠶᠢ ᠡᠭᠦᠳᠬᠦ ᠶᠢ ᠨᠥᠯᠥᠭᠡᠯᠡᠨ ᠳᠠᠶᠢᠴᠢᠯᠠᠬᠤ ᠪᠣᠯᠣᠨ᠎ᠠ᠃      ︽ᠪᠢᠳᠠ ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢᠨ ᠬᠠᠨᠳᠤᠰᠢ ᠪᠣᠯᠣᠨ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ ᠶᠢᠨ ᠲᠣᠭᠤᠷᠢᠨ ᠳᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠰᠤᠷᠭᠠᠨ ᠬᠥᠮᠦᠵᠢᠯ ᠤᠨ ᠰᠢᠨᠵᠢᠯᠡᠭᠡ ᠰᠤᠳᠤᠯᠭᠠᠨ ᠪᠣᠯᠣᠨ ᠦᠢᠯᠡᠳᠦᠯᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠪᠠᠭᠰᠢ ᠶᠢ ᠬᠥᠮᠥᠵᠢᠭᠦᠯᠬᠦ᠂ ᠰᠤᠷᠤᠬᠴᠢ ᠶᠢ ᠬᠥᠮᠥᠵᠢᠭᠦᠯᠬᠦ᠂ ᠰᠤᠷᠭᠠᠭᠤᠯᠢ ᠶᠢᠨ ᠣᠨᠴᠠᠯᠢᠭ ᠢ ᠲᠤᠪᠤᠶᠢᠯᠭᠠᠬᠤ ᠵᠡᠷᠭᠡ ᠲᠠᠯ᠎ᠠ ᠪᠠᠷ ᠬᠦᠴᠦᠯᠡᠵᠦ᠂ ᠨᠡᠶᠢᠰᠯᠡᠯ ᠤᠨ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠷᠭ᠎ᠠ ᠵᠡᠷᠭᠡ ᠶᠢ ᠣᠷᠣᠨ ᠤ ᠲᠥᠪ ᠲᠤ ᠬᠦᠷᠭᠡᠵᠦ᠂ ᠰᠤᠷᠭᠠᠭᠤᠯᠢ ᠶᠢᠨ ᠲᠦᠷᠭᠡᠨ ᠬᠥᠭᠵᠢᠯᠲᠡ ᠳᠤ ᠬᠦᠴᠦᠨ ᠨᠡᠮᠡᠷᠢᠯᠡᠨ᠎ᠡ︾ ᠭᠡᠵᠦ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠭᠦᠭᠡᠬᠤᠲᠠ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠵᠠᠬᠢᠷᠤᠯ ᠴᠧᠨ ᠰᠦ᠋ ᠴᠢᠨ ᠲᠠᠨᠢᠯᠴᠠᠭᠤᠯᠪᠠ᠃      ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ