ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ | ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠵᠤ᠂ ᠭᠦᠭᠡᠬᠤᠲᠠ ᠶᠢᠨ ᠬᠤᠲᠣᠩ ᠠᠷᠠᠳ ᠤᠨ ᠲᠣᠭᠤᠷᠢᠭ ᠲᠤ ︽ | ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ︾ ᠶᠢᠨ ᠴᠣᠯᠠ ᠶᠢ ᠵᠢᠩᠬᠢᠨᠢ ᠪᠠᠷ ᠣᠯᠭᠤᠵᠤ᠂ ᠭᠦᠭᠡᠬᠤᠲᠠ ᠶᠢᠨ ᠲᠣᠭᠲᠠᠬᠤ ᠰᠢᠶᠠᠨ ᠤ ᠱᠤᠸᠠᠩ | ᠾᠧ ᠪᠠᠯᠭᠠᠰᠤ᠂ ᠬᠤᠲᠣᠩ ᠠᠷᠠᠳ ᠤᠨ ᠲᠣᠭᠤᠷᠢᠭ ᠤᠨ ᠶᠦᠮ ᠤᠨ ᠪᠠᠶᠢᠰᠢᠩ ᠪᠠᠯᠭᠠᠰᠤ ᠵᠡᠷᠭᠡ 2 ᠰᠢᠶᠠᠩ ᠪᠠᠯᠭᠠᠰᠤᠨ ᠳᠤ ︽ᠥᠪᠡᠷᠲᠡᠭᠡᠨ ᠵᠠᠰᠠᠬᠤ | ᠣᠷᠣᠨ ᠤ ᠣᠶ ᠰᠢᠭᠤᠢ ᠶᠢᠨ ᠰᠢᠶᠠᠩ ᠪᠠᠯᠭᠠᠰᠤ︾ ᠶᠢᠨ ᠴᠣᠯᠠ ᠣᠯᠭᠤᠪᠠ᠃ | 2020 ᠣᠨ ᠤ 4 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠣᠭᠤᠭᠠᠷᠠᠭᠤᠯᠤᠯᠲᠠ ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠣᠶ | ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠬᠠᠮᠲᠤᠷᠠᠨ ᠮᠡᠳᠡᠭᠳᠡᠯ ᠪᠠᠭᠤᠯᠭᠠᠵᠤ᠂ ᠪᠦᠭᠦ ᠣᠷᠣᠨ ᠤ ᠬᠡᠪᠴᠢᠶᠡᠨ ᠳᠤ ᠥᠪᠡᠷᠲᠡᠭᠡᠨ ᠵᠠᠰᠠᠬᠤ ᠣᠷᠣᠨ ᠤ | ᠲᠠᠰ ᠤᠨ ᠣᠶ ᠰᠢᠭᠤᠢ ᠶᠢᠨ ᠬᠤᠲᠠ᠂ ᠣᠶ ᠰᠢᠭᠤᠢ ᠶᠢᠨ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠪᠡ᠃ ᠭᠦᠭᠡᠬᠤᠲᠠ ᠶᠢᠨ | ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ︽ᠣᠶ ᠰᠢᠭᠤᠢ ᠶᠢᠨ ᠬᠤᠲᠠ ᠶᠢ ᠪᠦᠲᠦᠭᠡᠨ ᠪᠠᠶᠢᠭᠤᠯᠬᠤ︾ ᠠᠵᠢᠯᠯᠠᠭ᠎ᠠ ᠶᠢ ᠬᠤᠲᠠ ᠬᠥᠳᠡᠭᠡ ᠶᠢᠨ | ᠠᠮᠢ ᠠᠬᠤᠢ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠪᠣᠯᠪᠠᠰᠤᠨ ᠢ ᠪᠠᠶᠢᠭᠤᠯᠬᠤ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ | ᠰᠠᠶᠢᠬᠠᠨ ᠦᠵᠡᠮᠵᠢ ᠶᠢᠨ ᠣᠷᠣᠨ ᠢ ᠴᠣᠭᠴᠠᠯᠠᠨ ᠪᠠᠶᠢᠭᠤᠯᠬᠤ ᠬᠦᠴᠦᠲᠡᠢ ᠭᠠᠷᠳᠠᠴᠠ ᠪᠤᠯᠭᠠᠵᠤ᠂ ᠬᠤᠰᠢᠭᠤ ᠰᠢᠶᠠᠨ᠂ ᠰᠢᠶᠠᠩ ᠪᠠᠯᠭᠠᠰᠤ ᠶᠢ ᠵᠣᠬᠢᠶᠠᠨ | ᠪᠠᠶᠢᠭᠤᠯᠤᠨ ᠢᠳᠡᠪᠬᠢᠲᠡᠢ ᠪᠠᠷ ᠭᠤᠶᠤᠴᠢᠯᠠᠨ ᠮᠡᠳᠡᠭᠦᠯᠦᠭᠰᠡᠨ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ︽ᠣᠶ ᠰᠢᠭᠤᠢ ᠶᠢᠨ ᠬᠤᠲᠠ︾᠂ ︽ᠣᠶ ᠰᠢᠭᠤᠢ ᠶᠢᠨ ᠰᠢᠶᠠᠩ ᠪᠠᠯᠭᠠᠰᠤ︾ ᠶᠢ ᠡᠭᠦᠳᠦᠨ ᠪᠠᠶᠢᠭᠤᠯᠬᠤ ᠶᠢ | ᠥᠷᠨᠢᠭᠦᠯᠬᠦ ᠪᠠᠷ ᠳᠠᠮᠵᠢᠭᠤᠯᠤᠨ᠂ ᠭᠦᠭᠡᠬᠤᠲᠠ ᠶᠢᠨ ᠣᠶ ᠰᠢᠭᠤᠢ ᠶᠢᠨ ᠠᠮᠢ ᠠᠬᠤᠢ ᠶᠢᠨ ᠰᠢᠰᠲ᠋ᠧᠮ ᠢ ᠪᠠᠶᠢᠭᠤᠯᠬᠤ᠂ ᠣᠨᠴᠠᠯᠢᠭᠲᠤ ᠣᠶ ᠰᠢᠭᠤᠢ ᠶᠢᠨ | ᠵᠢᠭᠤᠯᠴᠢᠯᠠᠯ ᠢ ᠬᠥᠭᠵᠢᠭᠦᠯᠬᠦ᠂ ᠠᠮᠢ ᠠᠬᠤᠢ ᠶᠢᠨ ᠰᠣᠶᠣᠯ ᠢ ᠬᠥᠭᠵᠢᠭᠦᠯᠬᠦ ᠶᠢ ᠪᠦᠲᠦᠮᠵᠢᠲᠡᠶ ᠠᠬᠢᠭᠤᠯᠵᠤ᠂ ᠬᠤᠲᠠ ᠶᠢᠨ ᠪᠠᠶᠢᠳᠠᠯ ᠳᠤ ᠨᠡᠶᠢᠴᠡᠭᠰᠡᠨ᠂ | ᠲᠥᠷᠥᠯ ᠭᠡᠯᠪᠡᠷᠢ ᠪᠠᠷ ᠪᠠᠶᠠᠯᠢᠭ᠂ ᠣᠨᠴᠠᠯᠢᠭ ᠢᠶᠠᠷ ᠢᠯᠡ ᠲᠣᠳᠣ ᠣᠶ ᠰᠢᠭᠤᠢ ᠶᠢᠨ ᠬᠤᠲᠠ ᠶᠢᠨ ᠬᠥᠭᠵᠢᠯᠲᠡ ᠶᠢᠨ ᠪᠠᠶᠢᠷᠢᠰᠢᠯ ᠢ ᠠᠩᠬ᠎ᠠ ᠠᠯᠬᠤᠮ | ᠪᠦᠷᠢᠯᠳᠦᠭᠦᠯᠪᠡ᠃ ᠭᠦᠭᠡᠬᠤᠲᠠ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠠᠬᠢ | ᠪᠤᠶ ᠪᠣᠯᠭᠠᠨ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠭᠤᠷᠪᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ | ᠤ ︽ᠣᠶ ᠰᠢᠭᠤᠢ ᠶᠢᠨ ᠬᠤᠲᠠ︾᠂ ︽ᠣᠶ ᠰᠢᠭᠤᠢ ᠶᠢᠨ ᠰᠢᠶᠠᠩ ᠪᠠᠯᠭᠠᠰᠤ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠂ | 2024 ᠣᠨ ᠳᠤ ᠦᠷᠭᠦᠯᠵᠢᠯᠡᠨ 1 ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ ᠬᠤᠲᠠ᠂ 4 ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠶᠢᠨ | ᠰᠢᠶᠠᠩ ᠪᠠᠯᠭᠠᠰᠤ᠂ 35 ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠣᠵᠢᠭᠤᠯᠤᠯᠲᠠ ᠶᠢᠨ ᠵᠢᠱᠢᠶ᠎ᠡ ᠦᠵᠡᠭᠦᠯᠭᠦ | ᠲᠣᠰᠬᠤᠨ ᠢ ᠪᠦᠲᠦᠭᠡᠨ ᠪᠠᠶᠢᠭᠤᠯᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠭᠤᠶᠢᠳᠠ ᠰᠠᠶᠢᠬᠠᠨ ᠠᠮᠢ | ᠠᠬᠤᠢ ᠶᠢᠨ ᠣᠷᠴᠢᠨ ᠲᠣᠭᠤᠷᠢᠨ ᠢ ᠪᠤᠶ ᠪᠤᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠪᠤᠢ᠃ | ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ |