ᠯᠧᠢ ᠹᠧᠩ ᠤᠨ ᠬᠡᠪ ᠳᠠᠭᠤᠷᠢᠶᠠᠯ ᠠᠴᠠ ᠲᠠᠭᠠᠨ ᠰᠤᠷᠤᠯᠴᠠᠶ᠎ᠠ
ᠨᠡᠶᠢᠲᠡᠯᠡᠭᠰᠡᠨ ᠴᠠᠭ᠄
2024/3/5
微信图片_20240305110118.jpg
      3 ᠳ᠋ᠤᠭᠠᠷ ᠰᠠᠷ᠎ᠠ ᠶᠢᠨ 5 ᠤ ᠡᠳᠦᠷ 61 ᠳ᠋ᠦ᠋ᠭᠡᠷ ᠯᠧᠢ ᠹᠧᠩ ᠠᠴᠠ ᠲᠠᠭᠠᠨ ᠰᠤᠷᠤᠯᠴᠠᠬᠤ ᠳᠤᠷᠠᠰᠬᠠᠯ ᠤᠨ ᠡᠳᠦᠷ ᠬᠦᠷᠴᠦ ᠢᠷᠡᠬᠦ ᠲᠠᠰᠢᠷᠠᠮ ᠳᠤ ᠴᠡᠯᠡᠭᠡᠷ ᠲᠠᠯ᠎ᠠ ᠪᠠᠭ᠎ᠠ ᠰᠤᠷᠭᠠᠭᠤᠯᠢ ᠶᠢᠨ ᠲᠧᠩ ᠹᠧᠢ ᠵᠠᠮ ᠤᠨ ᠰᠤᠷᠭᠠᠭᠤᠯᠢ ᠶᠢᠨ ᠲᠣᠭᠤᠷᠢᠭ ᠲᠦᠷᠦᠭᠦᠬᠡᠨ ︽ᠬᠡᠦᠬᠡᠳ ᠤᠨ ᠰᠡᠳᠬᠢᠯ ᠨᠠᠮ ᠢᠶᠠᠨ ᠳᠠᠭᠠᠵᠤ᠂ ᠯᠧᠢ ᠹᠧᠩ ᠤᠨ ᠬᠡᠪ ᠳᠠᠭᠤᠷᠢᠶᠠᠯ ᠠᠴᠠ ᠲᠠᠭᠠᠨ ᠰᠤᠷᠤᠯᠴᠠᠶ᠎ᠠ︾ ᠭᠡᠬᠦ ᠭᠤᠣᠯ ᠰᠡᠳᠦᠪᠲᠦ ᠯᠧᠢ ᠹᠧᠩ ᠠᠴᠠ ᠲᠠᠭᠠᠨ ᠰᠤᠷᠤᠯᠴᠠᠬᠤ ᠬᠥᠳᠡᠯᠭᠡᠭᠡᠨ ᠤ ᠰᠠᠷ᠎ᠠ ᠶᠢᠨ ᠡᠬᠢᠯᠡᠯᠲᠡ  ᠶᠢᠨ ᠶᠣᠰᠣᠯᠠᠯ ᠬᠢᠪᠡ᠃ ᠲᠤᠰ ᠬᠥᠳᠡᠯᠭᠡᠭᠡᠨ ᠨᠢ ᠥᠪᠡᠷᠲᠡᠭᠡᠨ ᠵᠠᠰᠠᠬᠤ ᠣᠷᠣᠨ ᠤ ᠶᠣᠰᠣ ᠮᠣᠷᠠᠯ ᠤᠨ ᠵᠢᠱᠢᠶᠡᠴᠢ ᠸᠧᠢ ᠮᠢᠩ ᠨᠠᠷ ᠠᠴᠠ ᠯᠧᠢ ᠹᠧᠩ ᠤᠨ ᠦᠯᠢᠭᠡᠷ ᠢ ᠶᠠᠷᠢᠬᠤ᠂ ᠰᠤᠷᠤᠭᠴᠢᠳ ᠤᠨ ᠲᠥᠯᠥᠭᠡᠯᠡᠭᠴᠢ ᠠᠴᠠ ᠯᠧᠢ ᠹᠧᠩ ᠤᠨ ᠱᠤᠭᠤᠮᠠᠯ ᠳᠤ ᠴᠡᠴᠡᠭ ᠬᠦᠷᠭᠡᠬᠦ᠂ ᠯᠧᠢ ᠹᠧᠩ ᠠᠴᠠ ᠲᠠᠭᠠᠨ ᠰᠤᠷᠤᠯᠴᠠᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠰᠤᠷᠤᠭᠴᠢᠳ ᠢ ᠵᠣᠷᠢᠭᠵᠢᠭᠤᠯᠤᠨ ᠬᠥᠲᠥᠯᠥᠨ ᠵᠢᠯᠤᠭᠤᠳᠴᠤ ᠰᠠᠶᠢᠨ ᠳᠤᠷ᠎ᠠ ᠶᠢᠨ ᠦᠢᠯᠡᠴᠢᠯᠡᠭᠡ ᠳᠤ ᠢᠳᠡᠪᠬᠢᠲᠡᠢ ᠣᠷᠣᠯᠴᠠᠭᠤᠯᠵᠤ᠂ ᠰᠤᠷᠭᠠᠭᠤᠯᠢ ᠶᠢᠨ ᠬᠦᠷᠢᠶᠡᠨ ᠳᠤ ︽ᠬᠥᠮᠥᠨ ᠪᠣᠯᠭᠠᠨ ᠯᠧᠢ ᠹᠧᠩ  ᠠᠴᠠ ᠲᠠᠭᠠᠨ ᠰᠤᠷᠤᠯᠴᠠᠵᠤ᠂ ᠡᠳᠦᠷ ᠪᠣᠯᠭᠠᠨ ᠯᠧᠢ ᠹᠧᠩ ᠪᠣᠯᠵᠤ᠂ ᠯᠧᠢ ᠹᠧᠩ ᠬᠡᠵᠢᠶᠡᠳᠡ ᠪᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠭᠰᠠᠨ ᠪᠠᠶᠢᠨ᠎ᠠ᠃ ᠵᠢᠷᠤᠭ ᠪᠣᠯ ᠰᠤᠷᠤᠭᠴᠢᠳ ᠤᠨ ᠲᠥᠯᠥᠭᠡᠯᠡᠭᠴᠢ ᠠᠴᠠ ᠯᠧᠢ ᠹᠧᠩ ᠤᠨ ᠱᠤᠭᠤᠮᠠᠯ ᠳᠤ ᠴᠡᠴᠡᠭ ᠬᠦᠷᠭᠡᠵᠦ ᠪᠠᠶᠢᠭ᠎ᠠ ᠨᠢ᠃      ᠰᠤᠷᠪᠤᠯᠵᠢᠯᠠᠭᠴᠢ ᠶᠠᠩ ᡁᠢ ᠸᠧᠢ    ᠳᠠᠳᠤᠯᠭ᠎ᠠ ᠶᠢᠨ ᠰᠤᠷᠪᠤᠯᠵᠢᠯᠠᠭᠴᠢ ᠵᠠᠩ ᠢ ᠲᠤᠤ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ