︽ᠬᠥᠬᠡᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠥᠰᠥᠯ︾  ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/6
      ᠮᠠᠨ ᠤ ᠬᠤᠲᠠ ᠶᠢᠨ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠡᠮᠬᠢ ᠵᠢᠷᠤᠮ ᠲᠠᠢ ᠠᠬᠢᠭᠤᠯᠬᠤ ᠶᠢᠨ ᠲᠥᠯᠥᠭᠡ᠂ ᠬᠤᠲᠠ ᠶᠢᠨ ᠲᠣᠭᠤᠷᠢᠭ ᠳᠣᠲᠣᠷᠠᠬᠢ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠤᠨ ᠪᠦᠬᠦ᠋ᠢᠯᠡ ᠪᠠᠶᠢᠷᠢᠰᠢᠯ ᠢ ᠲᠦᠷᠭᠡᠳᠬᠡᠨ ᠰᠢᠯᠢᠳᠡᠭᠵᠢᠭᠦᠯᠵᠦ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠶᠡᠷᠦᠩᠬᠡᠶᠢᠯᠡᠭᠰᠡᠨ ᠬᠦᠢᠰᠦ ᠶᠢᠨ ᠦᠨᠳᠦᠰᠦᠨ ᠴᠢᠳᠠᠪᠤᠷᠢ ᠶᠢ ᠦᠨᠡᠨᠬᠦ ᠪᠠᠳᠠᠷᠠᠭᠤᠯᠬᠤ ᠶᠢᠨ ᠲᠤᠯᠠᠳᠠ᠂ 2023 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠬᠥᠬᠡᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠲᠥᠰᠥᠯ︾ ︵ᠬᠥᠬᠡᠬᠤᠲᠠ ᠵᠠᠰᠠᠭ ᠠᠯᠪᠠᠨ ᠥᠰᠥᠭ ﹇2023﹈ 106 ᠳ᠋ᠤᠭᠠᠷ ᠲᠣᠭᠠᠲᠤ︶ ︵ᠳᠣᠷᠣᠭᠰᠢ ︽ᠠᠵᠢᠯ ᠤᠨ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠂ ᠬᠠᠮᠢᠶ᠎ᠠ ᠪᠦᠬᠦᠢ ᠠᠭᠤᠯᠭ᠎ᠠ ᠶᠢ ᠬᠤᠯᠪᠣᠭᠳᠠᠯ ᠪᠦᠬᠦᠢ ᠨᠢᠭᠡᠴᠢ ᠪᠠ ᠨᠡᠶᠢᠭᠡᠮ ᠨᠡᠶᠢᠲᠡ ᠳᠤ ᠨᠠᠩ ᠰᠠᠶᠢᠨ ᠣᠶᠢᠯᠠᠭᠠᠵᠤ᠂ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠦᠨᠡᠨᠬᠦ ᠰᠠᠶᠢᠲᠤᠷ ᠬᠢᠬᠦ ᠶᠢᠨ ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃      ᠨᠢᠭᠡ᠂ ︽ᠠᠵᠢᠯ ᠤᠨ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ ᠬᠢᠭᠡᠳ ᠠᠴᠢ ᠬᠤᠯᠪᠣᠭᠳᠠᠯ     ᠣᠶᠢᠷ᠎ᠠ ᠶᠢᠨ ᠵᠢᠯ ᠤᠳ ᠲᠤ᠂ ᠲᠦᠷᠭᠡᠨ ᠤ ᠭᠠᠯᠲᠤ ᠲᠡᠷᠭᠡ ᠨᠡᠪᠲᠡᠷᠡᠭᠰᠡᠨ᠂ ᠠᠷᠠᠳ ᠤᠨ ᠠᠭᠠᠷ ᠤᠨ ᠲᠡᠭᠡᠭᠡᠪᠦᠷᠢ ᠶᠢᠨ ᠲᠦᠷᠭᠡᠨ ᠬᠥᠭᠵᠢᠭᠰᠡᠨ ᠪᠠ ᠬᠤᠪᠢ ᠶᠢᠨ ᠮᠠᠰᠢᠨ ᠲᠡᠷᠭᠡᠨ ᠤ ᠲᠤᠭ᠎ᠠ ᠬᠡᠮᠵᠢᠶ᠎ᠡ ᠲᠦᠷᠭᠡᠨ ᠨᠡᠮᠡᠭᠳᠡᠭᠰᠡᠨ ᠵᠡᠷᠭᠡ ᠬᠦᠴᠦᠨ ᠵᠦᠢᠯ ᠤᠨ ᠨᠥᠯᠥᠭᠡ ᠶᠢ ᠳᠠᠭᠠᠯᠳᠤᠨ᠂ ᠬᠥᠬᠡᠬᠤᠲᠠ ᠶᠢᠨ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ ᠵᠢᠯ ᠳᠠᠷᠠᠭᠠᠯᠠᠨ ᠪᠠᠭᠤᠷᠠᠬᠤ ᠬᠠᠨᠳᠤᠰᠢ ᠲᠠᠢ ᠪᠣᠯᠵᠤ᠂ 2013 ᠣᠨ ᠳᠤ 1070 ᠲᠦᠮᠡᠨ ᠬᠥᠮᠥᠨ ᠤᠳᠠᠭ᠎ᠠ ᠪᠠᠶᠢᠭᠰᠠᠨ ᠠᠴᠠ ᠪᠠᠨ 2019 ᠣᠨ ᠳᠤ 315.3 ᠲᠦᠮᠡᠨ ᠬᠥᠮᠥᠨ ᠤᠳᠠᠭ᠎ᠠ ᠪᠣᠯᠣᠨ ᠪᠠᠭᠤᠷᠠᠵᠤ᠂ ᠪᠠᠭᠤᠷᠠᠭᠰᠠᠨ ᠬᠡᠮᠵᠢᠶ᠎ᠡ ᠨᠢ 70.53% ᠬᠦᠷᠴᠦ᠂ 2022 ᠣᠨ ᠳᠤ ᠬᠢᠵᠢᠭ ᠤᠨ ᠪᠠᠶᠢᠳᠠᠯ ᠤᠨ ᠨᠥᠯᠥᠭᠡ ᠪᠠᠷ 114.83 ᠲᠦᠮᠡᠨ ᠬᠥᠮᠥᠨ ᠤᠳᠠᠭ᠎ᠠ ᠪᠣᠯᠣᠨ ᠪᠠᠭᠤᠷᠠᠪᠠ᠃ ᠬᠤᠲᠠ ᠶᠢᠨ ᠬᠥᠭᠵᠢᠯᠲᠡ ᠪᠠ ᠠᠶᠠᠨᠴᠢᠳ ᠤᠨ ᠤᠷᠤᠰᠬᠠᠯ ᠤᠨ ᠪᠠᠭᠤᠷᠠᠯᠲᠠ ᠨᠢ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠳᠤ ᠯᠤᠲᠤ ᠶᠡᠭᠡ ᠳᠠᠭᠠᠷᠢᠯᠲᠠ ᠠᠪᠴᠢᠷᠠᠵᠠᠢ᠄ ᠨᠢᠭᠡ ᠳᠤ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠳᠤ ᠬᠤᠪᠢᠷᠠᠯᠲᠠ ᠭᠠᠷᠴᠤ᠂ ᠠᠶᠠᠨᠴᠢᠳ ᠤᠨ ᠲᠡᠭᠡᠭᠡᠪᠦᠷᠢ ᠶᠢᠨ ᠬᠠᠩᠭᠠᠯᠭ᠎ᠠ ᠶᠢᠨ ᠲᠠᠯ᠎ᠠ ᠶᠢᠨ ᠦᠢᠯᠡᠴᠢᠯᠡᠭᠡ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠣᠯᠪᠠ᠃ ᠬᠤᠶᠠᠷ ᠲᠤ ᠵᠠᠮ ᠬᠠᠷᠢᠯᠴᠠᠭᠠᠨ ᠤ ᠠᠶᠠᠨᠴᠢᠳ ᠤᠨ ᠲᠡᠭᠡᠭᠡᠪᠦᠷᠢ ᠶᠢᠨ ᠠᠶᠠᠨᠴᠢᠳ ᠤᠨ ᠤᠷᠤᠰᠬᠠᠯ ᠳᠣᠷᠣᠭᠰᠢᠯᠠᠵᠤ᠂ ᠲᠡᠭᠡᠭᠡᠪᠦᠷᠢ ᠶᠢᠨ ᠬᠦᠴᠦᠨ ᠦᠯᠡᠭᠦᠳᠡᠵᠦ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠠᠭᠤᠷᠠᠵᠤ᠂ ᠡᠵᠡᠩᠨᠡᠯᠲᠡ ᠬᠦᠴᠢᠷᠲᠡᠢ ᠪᠣᠯᠪᠠ᠃ ᠭᠤᠷᠪᠠ ᠳᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠳᠣᠣᠷ᠎ᠠ ᠳᠠᠭᠠᠭᠠᠴᠠ ᠲᠠᠢ ᠠᠵᠢᠯᠯᠠᠭᠤᠯᠬᠤ ᠪᠤᠶᠤ ᠴᠢᠨᠠᠭᠰᠢᠯᠠᠪᠠᠯ ᠰᠤᠯᠠ ᠲᠠᠯᠪᠢᠵᠤ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠴᠢᠳᠠᠪᠤᠷᠢ ᠶᠢᠨ ᠪᠠᠶᠢᠷᠢᠰᠢᠭᠤᠯᠤᠯᠲᠠ ᠬᠤᠲᠠ ᠶᠢᠨ ᠲᠥᠯᠦᠪᠵᠢᠭᠦᠯᠭᠡ ᠶᠢᠨ ᠬᠥᠭᠵᠢᠯᠲᠡ ᠲᠠᠢ ᠲᠣᠬᠢᠷᠠᠯᠴᠠᠭᠤᠯᠬᠤ ᠦᠭᠡᠢ᠂ ᠠᠶᠠᠨᠴᠢᠳ ᠤᠨ ᠲᠡᠭᠡᠭᠡᠪᠦᠷᠢ ᠶᠢᠨ ᠡᠬᠢ ᠪᠠᠶᠠᠯᠢᠭ ᠢ ᠪᠦᠷᠢᠯᠭᠡᠨ ᠰᠦᠢᠳᠬᠡᠭᠰᠡᠨ᠂ ᠠᠶᠠᠨᠴᠢᠳ ᠤᠨ ᠲᠡᠭᠡᠭᠡᠪᠦᠷᠢ ᠶᠢᠨ ᠲᠠᠯᠠᠪᠤᠷ ᠥᠷᠲᠡᠭᠡ ᠶᠢᠨ ᠡᠷᠬᠢᠨ ᠲᠣᠭᠤᠷᠢᠨ ᠤ ᠵᠠᠮ ᠬᠠᠷᠢᠯᠴᠠᠭ᠎ᠠ ᠲᠦᠭᠵᠢᠷᠡᠬᠦ ᠵᠡᠷᠭᠡ ᠠᠰᠠᠭᠤᠳᠠᠯ ᠲᠣᠪᠣᠶᠢᠮ᠎ᠠ ᠪᠣᠯᠪᠠ᠃ ᠠᠵᠢᠯ ᠲᠥᠷᠥᠯ ᠤᠨ ᠬᠥᠭᠵᠢᠯᠲᠡ ᠶᠢᠨ ᠬᠦᠴᠢᠷᠳᠡᠯ ᠳᠤ ᠴᠢᠭᠯᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 11 ᠶᠠᠮᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠷᠭᠡᠳᠬᠡᠨ ᠠᠬᠢᠭᠤᠯᠬᠤ ᠲᠤᠬᠠᠢ ᠮᠡᠳᠡᠭᠳᠡᠯ︾ ︵ᠵᠠᠮ ᠬᠠᠷᠢᠯᠴᠠᠭ᠎ᠠ ᠠᠯᠪᠠᠨ ᠲᠡᠭᠡᠭᠡᠪᠦᠷᠢ ﹇2023﹈ 45 ᠳ᠋ᠤᠭᠠᠷ ᠲᠣᠭᠠᠲᠤ︶ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠬᠥᠬᠡᠬᠤᠲᠠ ᠶᠢᠨ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠬᠥᠬᠡᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠲᠣᠰ ︽ᠠᠵᠢᠯ ᠤᠨ ᠲᠥᠰᠥᠯ︾ ᠢ ᠲᠣᠭᠲᠠᠭᠠᠪᠠ᠂ ᠬᠤᠯᠪᠣᠭᠳᠠᠯ ᠪᠦᠬᠦᠢ ᠨᠢᠭᠡᠴᠢ ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃      ᠬᠤᠶᠠᠷ᠂ ︽ᠠᠵᠢᠯ ᠤᠨ ᠲᠥᠰᠥᠯ︾ ᠤᠨ ᠭᠤᠣᠯ ᠡᠭᠦᠷᠭᠡ      ︵ᠨᠢᠭᠡ︶ ᠠᠶᠠᠨᠴᠢᠳ ᠤᠨ ᠲᠡᠭᠡᠭᠡᠪᠦᠷᠢ ᠶᠢᠨ ᠴᠢᠳᠠᠪᠤᠷᠢ ᠪᠠᠶᠢᠷᠢᠰᠢᠭᠤᠯᠤᠯᠲᠠ ᠳᠤ ᠲᠣᠬᠢᠷᠠᠭᠤᠯᠤᠯᠲᠠ ᠬᠢᠨ᠎ᠡ᠃ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢᠨ ᠵᠢᠱᠢᠯᠲᠡ ᠪᠠ ᠠᠶᠠᠨᠴᠢᠳ ᠤᠨ ᠶᠠᠪᠤᠵᠤ ᠰᠠᠭᠤᠬᠤ ᠪᠦᠲᠦᠴᠡ ᠶᠢᠨ ᠬᠤᠪᠢᠷᠠᠯᠲᠠ ᠶᠢ ᠦᠨᠳᠦᠰᠦᠯᠡᠨ᠂ ︽ᠨᠢᠭᠡ ᠬᠥᠨᠳᠡᠯᠡᠨ᠂ ᠬᠤᠶᠠᠷ ᠭᠤᠯᠳᠤ᠂ ᠳᠥᠷᠪᠡᠨ ᠴᠠᠭᠠᠷᠢᠭ᠂ ᠭᠤᠷᠪᠠᠨ ᠬᠦᠢᠰᠦ︾ ᠶᠢᠨ ᠬᠤᠲᠠ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ︽ᠬᠥᠬᠡᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠎ᠡ᠃ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠢ ᠡᠬᠢᠯᠡᠨ ᠬᠡᠷᠡᠭᠯᠡᠵᠦ᠂ ᠬᠤᠲᠠ ᠶᠢᠨ ᠲᠣᠭᠤᠷᠢᠭ ᠤᠨ ᠬᠥᠬᠡᠬᠤᠲᠠ ᠶᠢᠨ ᠬᠤᠯᠠ ᠵᠠᠮ ᠤᠨ ᠮᠠᠰᠢᠨ ᠲᠡᠷᠭᠡᠨ ᠤ ᠥᠷᠲᠡᠭᠡ ︵ᠳᠣᠷᠣᠭᠰᠢ ︽ᠬᠥᠬᠡᠬᠤᠲᠠ ᠶᠢᠨ ᠲᠡᠭᠡᠭᠡᠪᠦᠷᠢ ᠶᠢᠨ ᠥᠷᠲᠡᠭᠡ︾ ᠭᠡᠵᠦ ᠲᠣᠪᠴᠢᠯᠠᠨ᠎ᠠ︶᠂ ᠫᠢᠩ ᠠᠨ ᠯᠢ ᠳ᠋ᠡ ᠥᠷᠲᠡᠭᠡ ᠪᠣᠯᠣᠨ ᠡᠮᠦᠨ᠎ᠡ ᠥᠷᠲᠡᠭᠡ ᠳᠤ ᠬᠦᠷᠬᠦ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠪᠦᠬᠦᠨ ᠢ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠰᠢᠯᠵᠢᠭᠦᠯᠵᠦ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠬᠦᠢᠰᠦ ᠶᠢᠨ ᠴᠢᠳᠠᠮᠵᠢ ᠶᠢ ᠴᠢᠩᠭᠠᠷᠠᠭᠤᠯᠤᠨ᠂ ︽ᠨᠢᠭᠡ ᠲᠥᠪ ᠥᠷᠲᠡᠭᠡ + ᠡᠳᠦᠢ ᠲᠡᠳᠦᠢ ᠵᠣᠭᠰᠣᠭᠠᠯ ᠤᠨ ᠥᠷᠲᠡᠭᠡ︾ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠶᠢ ᠪᠣᠶ ᠪᠣᠯᠭᠠᠨ᠎ᠠ᠃      ︵ᠬᠤᠶᠠᠷ︶ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠬᠡᠯᠪᠡᠷᠢ ᠶᠢ ᠬᠤᠪᠢᠷᠠᠭᠤᠯᠤᠨ᠎ᠠ᠃ ᠨᠢᠭᠡ ᠳᠤ ᠬᠥᠬᠡᠬᠤᠲᠠ ᠶᠢᠨ ᠲᠡᠭᠡᠭᠡᠪᠦᠷᠢ ᠶᠢᠨ ᠥᠷᠲᠡᠭᠡᠨ ᠤ ᠪᠦᠬᠦ᠋ᠢᠯᠡ ᠡᠭᠡᠯᠵᠢ ᠶᠢᠨ ᠱᠤᠭᠤᠮ ᠤᠨ ᠠᠶᠠᠨᠴᠢᠳ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠰᠢᠯᠵᠢᠭᠦᠯᠦᠨ᠂ ᠬᠥᠬᠡᠬᠤᠲᠠ ᠶᠢᠨ ᠲᠡᠭᠡᠭᠡᠪᠦᠷᠢ ᠶᠢᠨ ᠪᠦᠯᠦᠭᠯᠡᠯ ᠤᠨ ᠲᠣᠭᠲᠠᠭᠤᠨ ᠢᠶᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠨᠡᠶᠢᠲᠡ ᠶᠢᠨ ᠵᠠᠮ ᠬᠠᠷᠢᠯᠴᠠᠭᠠᠨ ᠤ ᠺᠣᠮᠫᠠᠨᠢ ᠪᠣᠯᠣᠨ ᠬᠥᠬᠡᠬᠤᠲᠠ ᠶᠢᠨ ᠲᠡᠭᠡᠭᠡᠪᠦᠷᠢ ᠶᠢᠨ ᠪᠦᠯᠦᠭᠯᠡᠯ ᠠᠴᠠ ᠬᠥᠬᠡᠬᠤᠲᠠ ᠶᠢᠨ ᠲᠡᠭᠡᠭᠡᠪᠦᠷᠢ ᠶᠢᠨ ᠥᠷᠲᠡᠭᠡ ᠵᠢᠴᠢ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠬᠤᠯᠪᠣᠭᠳᠠᠯ ᠪᠦᠬᠦᠢ ᠡᠳ᠋ ᠬᠥᠷᠥᠩᠭᠡ ᠶᠢ ᠰᠣᠯᠢᠬᠤ᠂ ᠬᠥᠮᠥᠰ ᠢ ᠲᠥᠪᠬᠢᠨᠡᠭᠦᠯᠬᠦ᠂ ᠲᠠᠯᠠᠪᠤᠷ ᠥᠷᠲᠡᠭᠡ ᠶᠢᠨ ᠡᠵᠡᠩᠨᠡᠯᠲᠡ ᠵᠡᠷᠭᠡ ᠵᠦᠢᠯᠡᠰ ᠤᠨ ᠲᠤᠬᠠᠢ ᠵᠥᠪᠳᠡᠯᠴᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠵᠥᠪᠯᠡᠯᠴᠡᠭᠡᠷ ᠲᠣᠭᠲᠠᠵᠤ ᠰᠣᠯᠢᠨ᠎ᠠ᠂ ᠰᠣᠯᠢᠭᠰᠠᠨ ᠤ ᠳᠠᠷᠠᠭᠠᠬᠢ ᠤᠤᠯ ᠤᠨ ᠬᠥᠬᠡᠬᠤᠲᠠ ᠶᠢᠨ ᠲᠡᠭᠡᠭᠡᠪᠦᠷᠢ ᠶᠢᠨ ᠥᠷᠲᠡᠭᠡ ᠶᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ ᠥᠭᠡᠷᠡᠴᠢᠯᠡᠨ᠎ᠡ᠃ ᠬᠤᠶᠠᠷ ᠲᠤ ᠲᠦᠩ ᠳ᠋ᠠ ᠡᠮᠦᠨ᠎ᠡ ᠥᠷᠲᠡᠭᠡ᠂ ᠠᠶᠠᠨᠴᠢᠳ ᠤᠨ ᠲᠡᠭᠡᠭᠡᠪᠦᠷᠢ ᠶᠢᠨ ᠪᠠᠷᠠᠭᠤᠨ ᠥᠷᠲᠡᠭᠡ ᠶᠢᠨ ᠨᠡᠶᠢᠲᠡ ᠶᠢᠨ ᠵᠠᠮ ᠬᠠᠷᠢᠯᠴᠠᠭ᠎ᠠ ᠪᠣᠯᠭᠠᠨ ᠥᠭᠡᠷᠡᠴᠢᠯᠡᠬᠦ ᠠᠴᠠ ᠪᠤᠰᠤᠳ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠰᠢᠯᠵᠢᠭᠦᠯᠦᠭᠰᠡᠨ ᠤ ᠳᠠᠷᠠᠭ᠎ᠠ᠂ ᠥᠪᠡᠷ ᠤᠨ ᠲᠠᠯᠠᠪᠤᠷ ᠥᠷᠲᠡᠭᠡ ᠶᠢᠨ ᠡᠬᠢ ᠪᠠᠶᠠᠯᠢᠭ ᠢᠶᠠᠨ ᠠᠰᠢᠭᠯᠠᠨ ᠬᠡᠯᠪᠡᠷᠢ ᠪᠠᠨ ᠬᠤᠪᠢᠷᠠᠭᠤᠯᠤᠨ ᠠᠷᠠᠯᠵᠢᠶ᠎ᠠ ᠬᠤᠳᠠᠯᠳᠤᠭ᠎ᠠ ᠂ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠦᠢᠯᠡᠰ ᠪᠠ ᠵᠣᠭᠰᠣᠭᠠᠯ ᠤᠨ ᠥᠷᠲᠡᠭᠡ ᠪᠠᠶᠢᠭᠤᠯᠬᠤ᠂ ᠰᠢᠨ᠎ᠡ ᠡᠨᠧᠷᠭᠢ ᠶᠢᠨ ᠴᠠᠬᠢᠯᠭᠠᠨ ᠰᠣᠯᠢᠬᠤ ᠴᠡᠨᠡᠭᠯᠡᠬᠦ ᠥᠷᠲᠡᠭᠡ᠂ ᠨᠡᠶᠢᠲᠡ ᠶᠢᠨ ᠮᠠᠰᠢᠨ ᠲᠡᠷᠭᠡᠨ ᠤ ᠲᠠᠯᠠᠪᠤᠷ ᠥᠷᠲᠡᠭᠡ᠂ ᠵᠢᠯᠣᠭᠤᠴᠢ ᠶᠢᠨ ᠭᠡᠷ ᠵᠡᠷᠭᠡ ᠪᠣᠯᠭᠠᠨ ᠥᠷᠭᠡᠳᠬᠡᠨ᠎ᠡ᠃      ︵ᠭᠤᠷᠪᠠ︶ ︽ᠨᠡᠶᠢᠲᠡ ᠶᠢᠨ ᠵᠠᠮ ᠬᠠᠷᠢᠯᠴᠠᠭ᠎ᠠ ᠪᠣᠯᠭᠠᠨ ᠥᠭᠡᠷᠡᠴᠢᠯᠡᠬᠦ + ᠵᠠᠬᠢᠶᠠᠯᠠᠭ᠎ᠠ ᠶᠢᠨ ᠠᠶᠠᠨᠴᠢᠳ ᠤᠨ ᠲᠡᠭᠡᠭᠡᠪᠦᠷᠢ︾ ᠶᠢᠨ ᠬᠠᠷᠢᠯᠴᠠᠨ ᠨᠥᠬᠦᠪᠦᠷᠢᠯᠡᠭᠰᠡᠨ ᠲᠡᠭᠡᠭᠡᠪᠦᠷᠢ ᠶᠢᠨ ᠠᠷᠭ᠎ᠠ ᠮᠠᠶ᠋ᠢᠭ ᠢ ᠬᠥᠭᠵᠢᠭᠦᠯᠦᠨ᠎ᠡ᠃ ᠨᠥᠬᠦᠴᠡᠯ ᠪᠦᠷᠢᠳᠦᠭᠦᠯᠦᠭᠰᠡᠨ ᠬᠤᠰᠢᠭᠤ ᠰᠢᠶᠠᠨ ᠳᠤ ᠨᠡᠶᠢᠲᠡ ᠶᠢᠨ ᠵᠠᠮ ᠬᠠᠷᠢᠯᠴᠠᠭ᠎ᠠ ᠪᠣᠯᠭᠠᠨ ᠥᠭᠡᠷᠡᠴᠢᠯᠡᠬᠦ ᠶᠢ ᠲᠦᠷᠭᠡᠳᠬᠡᠵᠦ᠂ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠢ ᠵᠢᠯᠣᠭᠤᠳᠤᠨ ᠵᠠᠬᠢᠶᠠᠯᠠᠭ᠎ᠠ ᠶᠢᠨ ᠠᠶᠠᠨᠴᠢᠳ ᠤᠨ ᠲᠡᠭᠡᠭᠡᠪᠦᠷᠢ ᠶᠢ ᠶᠡᠬᠡᠪᠡᠷ ᠬᠥᠭᠵᠢᠭᠦᠯᠵᠦ᠂ ᠬᠠᠷᠠᠯᠲᠠᠲᠤ ᠵᠠᠬ᠎ᠠ ᠳᠡᠯᠭᠡᠭᠦᠷ ᠢ ᠨᠠᠷᠢᠨ ᠬᠤᠪᠢᠶᠠᠬᠤ ᠪᠠᠷ ᠳᠡᠮᠵᠢᠨ᠂ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠳᠤᠮᠳᠠᠬᠢ ᠪᠠᠯᠠᠢ ᠴᠡᠭ ᠪᠠ ᠬᠤᠭᠤᠰᠤᠨ ᠴᠡᠭ ᠢ ᠡᠷᠢᠵᠦ᠂ ᠣᠨᠴᠠᠭᠠᠢ ᠱᠠᠭᠠᠷᠳᠠᠯᠭ᠎ᠠ ᠲᠠᠢ ᠬᠥᠮᠥᠰ ᠲᠤ ᠤᠷᠲᠤᠳᠬᠠᠭᠰᠠᠨ ᠦᠢᠯᠡᠴᠢᠯᠡᠭᠡ ᠬᠠᠩᠭᠠᠵᠤ᠂ ᠡᠭᠡᠯᠵᠢ ᠶᠢᠨ ᠱᠤᠭᠤᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠬᠤᠲᠠ ᠶᠢᠨ ᠠᠷᠠᠳ ᠤᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠪᠠᠷ ᠶᠠᠪᠤᠵᠤ ᠰᠠᠭᠤᠬᠤ ᠪᠡᠶᠡᠴᠢ ᠣᠶᠢᠯᠠᠭᠠᠯᠲᠠ ᠶᠢ ᠰᠠᠶᠢᠵᠢᠷᠠᠭᠤᠯᠤᠨ᠎ᠠ᠃      ᠭᠤᠷᠪᠠ᠂ ︽ᠠᠵᠢᠯ ᠤᠨ ᠲᠥᠰᠥᠯ︾ ᠤᠨ ᠭᠤᠣᠯ ᠬᠠᠷᠠᠯᠲᠠ      ︵ᠨᠢᠭᠡ︶ ᠮᠠᠨ ᠤ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠪᠠᠶᠢᠷᠢᠯᠠᠭᠤᠯᠤᠯᠲᠠ ᠶᠢ ᠨᠡᠩ ᠵᠣᠬᠢᠰᠲᠠᠢ ᠪᠣᠯᠭᠠᠨ᠎ᠠ      ᠤᠤᠯ ᠨᠢ ᠬᠤᠲᠠ ᠶᠢᠨ ᠲᠣᠭᠤᠷᠢᠭ ᠤᠨ ᠲᠥᠪ ᠭᠠᠵᠠᠷ ᠲᠤ ᠪᠠᠶᠢᠷᠢᠰᠢᠵᠤ ᠪᠠᠶᠢᠭᠰᠠᠨ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡᠨ ᠤ ᠳᠣᠲᠣᠷᠠᠬᠢ ᠡᠭᠡᠯᠵᠢ ᠶᠢᠨ ᠱᠤᠭᠤᠮ ᠢ ᠬᠤᠶᠠᠳᠤᠭᠠᠷ ᠲᠣᠭᠤᠷᠢᠯ ᠵᠠᠮ ᠤᠨ ᠭᠠᠳᠠᠨᠠᠬᠢ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠲᠤ ᠲᠣᠬᠢᠷᠠᠭᠤᠯᠵᠤ᠂ ᠮᠠᠨ ᠤ ᠬᠤᠲᠠ ᠶᠢᠨ ︽ᠨᠢᠭᠡ ᠬᠥᠨᠳᠡᠯᠡᠨ᠂ ᠬᠤᠶᠠᠷ ᠭᠤᠯᠳᠤ᠂ ᠳᠥᠷᠪᠡᠨ ᠴᠠᠭᠠᠷᠢᠭ᠂ ᠭᠤᠷᠪᠠᠨ ᠬᠦᠢᠰᠦ︾ ᠶᠢᠨ ᠬᠤᠲᠠ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠪᠠᠶᠢᠷᠢᠰᠢᠭᠤᠯᠤᠯᠲᠠ ᠳᠤ ᠨᠠᠩ ᠢᠯᠡᠭᠦᠦ ᠨᠡᠶᠢᠴᠡᠭᠦᠯᠵᠦ᠂ ᠬᠤᠲᠠ ᠶᠢᠨ ᠭᠤᠣᠯ ᠲᠣᠭᠤᠷᠢᠭ ᠤᠨ ᠵᠠᠮ ᠬᠠᠷᠢᠯᠴᠠᠭᠠᠨ ᠤ ᠳᠠᠷᠤᠯᠲᠠ ᠶᠢ ᠨᠠᠮᠳᠠᠭᠤᠯᠬᠤ ᠳᠤ ᠯᠤᠲᠤ ᠶᠡᠭᠡ ᠦᠢᠯᠡᠳᠦᠯ ᠦᠵᠡᠭᠦᠯᠬᠦ ᠶᠢᠨ ᠬᠠᠮᠲᠤ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠥᠷᠲᠡᠭᠡ ᠶᠢ ᠭᠠᠯᠲᠤ ᠲᠡᠷᠭᠡᠨ ᠤ ᠵᠡᠭᠦᠨ ᠥᠷᠲᠡᠭᠡ ᠲᠠᠢ ᠨᠠᠩ ᠰᠠᠶᠢᠨ ᠵᠠᠯᠭᠠᠵᠤ᠂ ᠵᠡᠭᠦᠨ ᠥᠷᠲᠡᠭᠡ ᠶᠢᠨ ᠬᠦᠢᠰᠦ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠵᠤ ᠴᠢᠳᠠᠨ᠎ᠠ᠃      ︵ᠬᠤᠶᠠᠷ︶ ᠠᠶᠠᠨᠴᠢᠳ ᠤᠨ ᠲᠡᠭᠡᠭᠡᠪᠦᠷᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠨᠡᠩ ᠲᠣᠭᠲᠠᠭᠤᠨ ᠪᠣᠯᠭᠠᠨ᠎ᠠ᠃      ᠨᠢᠭᠡ ᠲᠠᠯ᠎ᠠ ᠪᠠᠷ᠂ ᠡᠯ᠎ᠡ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠪᠣᠯᠪᠠᠰᠤᠷᠠᠩᠭᠤᠢ ᠪᠣᠯᠤᠭᠰᠠᠨ ᠵᠠᠮ ᠱᠤᠭᠤᠮ ᠳᠤ ᠠᠶᠠᠨᠴᠢᠳ ᠤᠨ ᠲᠡᠭᠡᠭᠡᠪᠦᠷᠢ ᠶᠢᠨ ᠵᠠᠬᠢᠶᠠᠯᠠᠭ᠎ᠠ ᠶᠢ ᠲᠦᠯᠬᠢᠨ ᠠᠬᠢᠭᠤᠯᠵᠤ᠂ ᠲᠡᠷᠭᠡ ᠬᠥᠰᠬᠡ ᠶᠢ ᠶᠡᠭᠡ ᠠᠴᠠ ᠪᠠᠭ᠎ᠠ ᠪᠣᠯᠭᠠᠵᠤ᠂ ᠲᠤᠭ᠎ᠠ ᠬᠡᠮᠵᠢᠶ᠎ᠡ ᠶᠢ ᠴᠥᠭᠡᠨ ᠠᠴᠠ ᠣᠯᠠᠨ ᠪᠣᠯᠭᠠᠪᠠᠯ᠂ ᠤᠯᠠᠮᠵᠢᠯᠠᠯᠲᠤ ᠲᠣᠮᠣ ᠬᠡᠯᠪᠡᠷᠢ ᠶᠢᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ ᠶᠢᠨ ᠠᠶᠠᠨᠴᠢᠳ ᠳᠦᠭᠦᠷᠭᠡᠬᠦ ᠪᠠᠷ ᠬᠦᠯᠢᠶᠡᠬᠦ ᠠᠴᠠ ᠪᠣᠯᠵᠤ ᠠᠶᠠᠨᠴᠢᠳ ᠤᠨ ᠴᠠᠭ ᠤᠨ ᠥᠪᠡᠷ ᠤᠨ ᠥᠷᠲᠡᠭ ᠢ ᠬᠤᠬᠢᠷᠠᠭᠤᠯᠬᠤ ᠮᠠᠭᠤ ᠣᠷᠴᠢᠯ ᠢ ᠦᠨᠳᠦᠰᠦ ᠠᠴᠠ ᠨᠢ ᠰᠢᠢᠳᠪᠦᠷᠢᠯᠡᠵᠦ᠂ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠪᠠᠨ ᠳᠡᠭᠡᠭᠰᠢᠯᠡᠭᠦᠯᠵᠦ ᠪᠣᠯᠣᠨ᠎ᠠ᠃ ᠨᠥᠭᠦᠭᠡ ᠲᠠᠯ᠎ᠠ ᠪᠠᠷ᠂ ᠬᠡᠯᠪᠡᠷᠢ ᠪᠠᠨ ᠬᠤᠪᠢᠷᠠᠭᠤᠯᠤᠭᠰᠠᠨ ᠤ ᠳᠠᠷᠠᠭᠠᠬᠢ ᠬᠤᠲᠠ ᠶᠢᠨ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠨᠢ ᠥᠷᠲᠡᠭᠡ ᠲᠠᠯᠠᠪᠤᠷ ᠲᠤ ᠲᠦᠰᠢᠭᠯᠡᠨ ᠣᠯᠠᠨ ᠲᠥᠷᠥᠯ ᠤᠨ ᠡᠵᠡᠩᠨᠡᠯᠲᠡ ᠶᠢ ᠨᠡᠭᠡᠭᠡᠨ ᠬᠥᠭᠵᠢᠭᠦᠯᠪᠡᠯ᠂ ᠠᠶᠠᠨᠴᠢᠳ ᠤᠨ ᠲᠡᠭᠡᠭᠡᠪᠦᠷᠢ ᠶᠢᠨ ᠠᠵᠢᠯ ᠲᠥᠷᠥᠯ ᠤᠨ ᠡᠵᠡᠩᠨᠡᠯᠲᠡ ᠶᠢᠨ ᠬᠦᠴᠢᠷᠳᠡᠯ ᠠᠴᠠ ᠠᠩᠭᠢᠵᠢᠷᠠᠬᠤ ᠶᠢ ᠲᠦᠷᠭᠡᠳᠬᠡᠵᠦ᠂ ᠠᠯᠬᠤᠮ ᠠᠯᠬᠤᠮ ᠢᠶᠠᠷ ᠵᠥᠪ ᠵᠠᠮ ᠳᠠᠭᠠᠨ ᠣᠷᠣᠵᠤ ᠴᠢᠳᠠᠨ᠎ᠠ᠃       ︵ᠭᠤᠷᠪᠠ︶ ᠠᠷᠠᠳ ᠤᠯᠠᠨ ᠤ ᠶᠠᠪᠤᠵᠤ ᠰᠠᠭᠤᠬᠤ ᠳᠤ ᠨᠡᠩ ᠳᠥᠭᠦᠮ ᠪᠣᠯᠭᠠᠨ᠎ᠠ      ᠠᠮᠢᠳᠤᠯᠢᠭ ᠮᠥᠷᠲᠡᠭᠡᠨ ᠳᠥᠭᠦᠮ ᠲᠥᠳᠡ ᠵᠠᠬᠢᠶᠠᠯᠠᠭ᠎ᠠ ᠶᠢᠨ ᠠᠶᠠᠨᠴᠢᠳ ᠤᠨ ᠲᠡᠭᠡᠭᠡᠪᠦᠷᠢ ᠪᠠ ᠲᠦᠭᠡᠮᠡᠯ ᠬᠠᠷᠠᠭᠠᠯᠵᠠᠯᠲᠤ ᠨᠡᠶᠢᠲᠡ ᠶᠢᠨ ᠵᠠᠮ ᠬᠠᠷᠢᠯᠴᠠᠭ᠎ᠠ ᠨᠢ ᠬᠤᠲᠠ ᠶᠢᠨ ᠠᠷᠠᠳ ᠤᠨ ᠠᠶᠠᠯᠠᠯ ᠤᠨ ᠣᠯᠠᠨ ᠶᠠᠩᠵᠤ ᠶᠢᠨ ᠬᠡᠷᠡᠭᠴᠡᠭᠡ ᠶᠢ ᠬᠠᠮᠲᠤ ᠳᠤᠨᠢ ᠬᠠᠩᠭᠠᠵᠤ᠂ ᠬᠤᠲᠠ ᠶᠢᠨ ᠠᠷᠠᠳ ᠤᠨ ᠠᠶᠠᠯᠠᠯ ᠤᠨ ᠴᠠᠭ ᠤᠨ ᠥᠪᠡᠷ ᠤᠨ ᠥᠷᠲᠡᠭ ᠢ ᠪᠠᠭᠠᠰᠬᠠᠵᠤ᠂ ᠠᠵᠢᠯ ᠲᠥᠷᠥᠯ ᠢ ᠵᠢᠷᠤᠮᠵᠢᠭᠤᠯᠬᠤ᠂ ᠬᠤᠲᠠ ᠶᠢᠨ ᠠᠷᠠᠳ ᠤᠨ ᠠᠶᠠᠯᠠᠯ ᠤᠨ ᠡᠷᠬᠡ ᠠᠰᠢᠭ ᠢ ᠪᠠᠲᠤᠯᠠᠬᠤ᠂ ᠠᠶᠠᠯᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠴᠢᠬᠤᠯᠠ ᠰᠢᠨᠡᠴᠢᠯᠡᠯᠲᠡ ᠶᠢᠨ ᠠᠴᠢ ᠬᠤᠯᠪᠣᠭᠳᠠᠯ ᠲᠠᠢ ᠶᠤᠮ᠃      ᠳᠥᠷᠪᠡ᠂ ︽ᠠᠵᠢᠯ ᠤᠨ ᠲᠥᠰᠥᠯ︾ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ      ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ︽ᠠᠵᠢᠯ ᠤᠨ ᠲᠥᠰᠥᠯ︾ ᠤᠨ ᠪᠠᠶᠢᠷᠢᠯᠠᠭᠤᠯᠤᠯᠲᠠ ᠶᠣᠰᠣᠭᠠᠷ᠂ ᠡᠯ᠎ᠡ ᠨᠢᠭᠡᠴᠢ ᠨᠦᠭᠦᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠲᠤᠷᠠᠯᠴᠠᠭ᠎ᠠ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠦᠨ᠎ᠡ᠃ ᠮᠠᠨ ᠤ ᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠ ᠴᠢᠨᠠᠷ ᠰᠠᠶᠢᠲᠠᠢ ᠬᠥᠭᠵᠢᠯᠲᠡ ᠶᠢ ᠥᠨᠳᠥᠷ ᠪᠦᠲᠦᠮᠵᠢᠲᠡᠶ ᠠᠬᠢᠭᠤᠯᠤᠨ᠎ᠠ᠃      ᠬᠤᠶᠠᠷ ᠲᠤ ᠡᠳ᠋ ᠤᠨ ᠵᠠᠰᠠᠭ ᠭᠠᠶᠢᠯᠢ ᠶᠢᠨ ᠪᠠᠲᠤᠯᠠᠭ᠎ᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠬᠢᠭᠡᠳ ᠮᠠᠨ ᠤ ᠬᠤᠳᠠ ᠶᠢᠨ ᠬᠤᠯᠪᠣᠭᠳᠠᠯ ᠪᠦᠬᠦᠢ ᠱᠠᠩᠨᠠᠵᠤ ᠲᠤᠰᠠᠯᠠᠬᠤ ᠲᠥᠷᠥ ᠶᠢᠨ ᠪᠣᠳᠣᠯᠭ᠎ᠠ ᠶᠢ ᠢᠳᠡᠪᠬᠢᠯᠡᠨ ᠣᠯᠵᠤ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠢ ᠡᠬᠢᠯᠡᠨ ᠬᠡᠷᠡᠭᠯᠡᠬᠦ᠂ ᠬᠤᠳᠠ ᠶᠢᠨ ᠲᠣᠭᠤᠷᠢᠭ ᠤᠨ ᠠᠶᠠᠨᠴᠢᠳ ᠤᠨ ᠲᠡᠭᠡᠭᠡᠪᠦᠷᠢ ᠶᠢᠨ ᠥᠷᠳᠡᠭᠡ ᠶᠢ ᠰᠢᠯᠢᠳᠡᠭᠵᠢᠭᠦᠯᠦᠨ ᠪᠠᠶᠢᠷᠢᠰᠢᠭᠤᠯᠬᠤ᠂ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠢ ᠨᠡᠶᠢᠲᠡ ᠶᠢᠨ ᠵᠠᠮ ᠬᠠᠷᠢᠯᠴᠠᠭ᠎ᠠ ᠪᠣᠯᠭᠠᠨ ᠥᠭᠡᠷᠡᠴᠢᠯᠡᠬᠦ᠂ ᠵᠠᠬᠢᠶᠠᠯᠠᠭ᠎ᠠ ᠶᠢᠨ ᠠᠶᠠᠨᠴᠢᠳ ᠤᠨ ᠲᠡᠭᠡᠭᠡᠪᠦᠷᠢ ᠵᠡᠷᠭᠡ ᠬᠤᠯᠪᠣᠭᠳᠠᠯ ᠪᠦᠬᠦᠢ ᠠᠵᠢᠯ ᠤᠨ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠵᠦᠢ ᠵᠣᠬᠢᠰᠲᠠᠢ ᠰᠠᠶᠢᠲᠤᠷ ᠬᠢᠨ᠎ᠡ᠃      ᠭᠤᠷᠪᠠ ᠳᠤ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤ ᠥᠭᠴᠦ᠂ ᠮᠠᠨ ᠤ ᠬᠤᠲᠠ ᠶᠢᠨ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢ ᠰᠢᠯᠢᠳᠡᠭᠵᠢᠭᠦᠯᠦᠨ ᠪᠠᠶᠢᠷᠢᠰᠢᠭᠤᠯᠬᠤ ᠪᠠ ᠴᠢᠨᠠᠷ ᠰᠠᠶᠢᠲᠠᠢ ᠬᠥᠭᠵᠢᠭᠦᠯᠬᠦ ᠬᠠᠮᠢᠶ᠎ᠠ ᠪᠦᠬᠦᠢ ᠪᠠᠶᠢᠷᠢᠯᠠᠭᠤᠯᠤᠯᠲᠠ᠂ ᠠᠬᠢᠭᠤᠯᠤᠭᠰᠠᠨ ᠪᠠᠶᠢᠳᠠᠯ᠂ ᠠᠵᠢᠯ ᠲᠥᠷᠥᠯ ᠤᠨ ᠬᠦᠴᠢᠷᠳᠡᠯ ᠵᠢᠴᠢ ᠰᠢᠢᠳᠪᠦᠷᠢᠯᠡᠬᠦ ᠲᠥᠰᠥᠯ ᠢ ᠴᠠᠭ ᠲᠤᠬᠠᠢ ᠳᠤᠨᠢ ᠤᠬᠠᠭᠤᠯᠤᠨ ᠨᠡᠶᠢᠲᠡᠯᠡᠵᠦ᠂ ᠪᠥᠬᠦ ᠨᠡᠶᠢᠭᠡᠮ ᠢᠶᠠᠷ ᠢᠶᠠᠨ ᠬᠠᠮᠲᠤ ᠪᠠᠷ ᠳᠡᠮᠵᠢᠬᠦ᠂ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠲᠥᠪ ᠤᠨ ᠡᠬᠢᠯᠡᠨ ᠠᠵᠢᠯᠯᠠᠬᠤ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃      ᠳᠥᠷᠪᠡ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ ᠠᠵᠢᠯ ᠢ ᠬᠦᠴᠦᠲᠡᠢ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠤ ᠰᠢᠮᠳᠠᠭᠤᠯᠤᠨ ᠪᠠᠶᠢᠴᠠᠭᠠᠬᠤ ᠲᠠᠰᠤᠭ ᠠᠴᠠ ᠲᠦᠷᠦᠭᠦᠯᠡᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠲᠠᠢ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠴᠠᠭ ᠬᠤᠭᠤᠴᠠᠭᠠᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠵᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠬᠢᠨᠠᠨ ᠵᠢᠯᠤᠭᠤᠳᠴᠤ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠭᠰᠡᠨ᠄ ᠴᠧᠩ ᠫᠧᠢ ᠶᠣᠣ︔ ᠬᠠᠷᠢᠯᠴᠠᠬᠤ ᠤᠲᠠᠰᠤ᠄ 3964849ᠤᠭ ᠪᠢᠴᠢᠭ ᠮᠠᠲ᠋ᠧᠷᠢᠶᠠᠯ ᠢ ᠤᠩᠰᠢᠬᠤ 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ