ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠫᠠᠶᠢᠰᠠ ᠪᠠᠨ ᠰᠡᠬᠦᠪᠡ
ᠨᠡᠶᠢᠲᠡᠯᠡᠭᠰᠡᠨ ᠴᠠᠭ᠄
2024/3/8
ᠹᠠᠩ ᠢᠦᠢ ᠳ᠋ᠦᠩ ᠣᠷᠣᠯᠴᠠᠵᠠᠢ      ︵ᠰᠤᠷᠪᠤᠯᠵᠢᠯᠠᠭᠴᠢ ᠴᠢ ᠰᠢᠶᠣᠣ ᠶᠠᠨ︶ 3 ᠳ᠋ᠤᠭᠠᠷ ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠫᠠᠶᠢᠰᠠ ᠰᠡᠬᠦᠬᠦ ᠶᠣᠰᠣᠯᠠᠯ ᠶᠠᠪᠤᠭᠳᠠᠪᠠ᠂ ᠡᠨᠡ ᠨᠢ ᠮᠠᠨ ᠤ ᠬᠤᠲᠠ ᠶᠢᠨ ᠨᠡᠶᠢᠭᠡᠮ ᠤᠨ ᠠᠵᠢᠯ ᠰᠢᠨ᠎ᠡ ᠠᠶᠠᠨ ᠢᠶᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠹᠠᠩ ᠢᠦᠢ ᠳ᠋ᠦᠩ ᠶᠣᠰᠣᠯᠠᠯ ᠳᠤ ᠣᠷᠣᠯᠴᠠᠭᠰᠠᠨ ᠪᠥᠭᠡᠳ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠫᠠᠶᠢᠰᠠ ᠶᠢ ᠰᠡᠬᠦᠪᠡ᠃      ᠲᠠᠨᠢᠯᠴᠠᠭᠤᠯᠤᠭᠰᠠᠨ ᠢᠶᠠᠷ᠂ ᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ ᠠᠷᠠᠳ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠵᠢᠯᠣᠭᠤᠳᠴᠤ᠂ ᠠᠷᠠᠳ ᠲᠦᠮᠡᠨ ᠤ ᠰᠠᠨᠠᠭᠤᠯᠭ᠎ᠠ ᠬᠤᠷᠢᠶᠠᠬᠤ ᠠᠵᠢᠯ ᠢ ᠵᠢᠯᠤᠭᠤᠳᠴᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠬᠡᠬᠤᠲᠠ ᠶᠢᠨ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠤᠨ ᠨᠠᠮ ᠤᠨ ᠠᠵᠢᠯ ᠢ ᠨᠢᠭᠡᠳᠦᠯᠲᠡᠢ ᠤᠳᠤᠷᠢᠳᠤᠨ᠂ ᠬᠥᠬᠡᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠢ ᠲᠥᠯᠥᠪᠵᠢᠭᠦᠯᠬᠦ᠂ ᠵᠣᠬᠢᠴᠠᠭᠤᠯᠤᠨ ᠵᠢᠯᠣᠭᠤᠳᠬᠤ᠂ ᠰᠢᠮᠳᠠᠭᠤᠯᠵᠤ ᠪᠠᠶᠢᠴᠠᠭᠠᠬᠤ ᠶᠢ ᠬᠠᠷᠢᠭᠤᠴᠠᠵᠤ᠂ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ