ᠭᠦᠭᠡᠬᠤᠲᠠ ᠪᠤᠭᠤᠲᠤ ᠶᠢᠨ ᠠᠵᠢᠯ ᠮᠡᠷᠭᠡᠵᠢᠯ ᠤᠨ ᠤᠷᠢᠯᠭ᠎ᠠ ᠶᠢᠨ ᠤᠷᠤᠯᠳᠤᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/4/1
      3 ᠰᠠᠷ᠎ᠠ ᠶᠢᠨ 23 ᠠᠴᠠ 24 ᠤ ᠡᠳᠦᠷ ᠪᠤᠯᠳᠠᠯ᠎ᠠ᠂ ︽ᠴᠢᠳᠠᠪᠤᠷᠢᠲᠠᠨ ᠢ ᠴᠤᠭᠯᠠᠭᠤᠯᠤᠨ ᠬᠤᠲᠠ ᠶᠢ ᠮᠠᠨᠳᠤᠭᠤᠯᠬᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠴᠢᠳᠠᠪᠤᠷᠢ ᠣᠯᠭᠤᠵᠤ ᠵᠣᠬᠢᠴᠠᠭᠤᠯᠤᠨ ᠬᠥᠭᠵᠢᠭᠦᠯᠬᠦ︾ ᠪᠠᠷ ᠭᠤᠣᠯ ᠰᠡᠳᠦᠪ ᠪᠤᠯᠭᠠᠬᠰᠠᠨ ᠭᠦᠭᠡᠬᠤᠲᠠ ᠪᠤᠭᠤᠲᠤ ᠶᠢᠨ ᠬᠠᠷᠢᠯᠴᠠᠨ ᠠᠭᠤᠰᠤᠯᠴᠠᠨ ᠨᠥᠯᠥᠭᠡᠯᠡᠨ ᠬᠥᠭᠵᠢᠬᠦ ᠶᠢ ᠲᠦᠷᠭᠡᠳᠬᠡᠵᠦ ᠰᠤᠷᠭᠠᠭᠤᠯᠢ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠵᠢᠴᠢ ᠣᠶᠤᠲᠠᠳ ᠤᠨ ᠠᠵᠢᠯ ᠣᠯᠭᠤᠯᠲᠠ ᠶᠢ ᠳᠡᠮᠵᠢᠬᠦ ᠰᠢᠷᠢᠰ ᠠᠵᠢᠯᠯᠠᠭ᠎ᠠ ᠭᠦᠭᠡᠬᠤᠲᠠ ᠳᠤ ᠶᠠᠪᠤᠭᠳᠠᠪᠠ᠃      ᠭᠦᠭᠡᠬᠤᠲᠠ· ᠪᠤᠭᠤᠲᠤ ᠶᠢᠨ ᠳᠤᠮᠳᠠ ᠵᠡᠷᠭᠡ ᠶᠢᠨ ᠠᠵᠢᠯ ᠮᠡᠷᠭᠡᠵᠢᠯ ︵ᠮᠡᠷᠭᠡᠵᠢᠯ ᠤᠨ ᠠᠵᠢᠯᠴᠢᠨ︶ ᠤᠨ ᠰᠤᠷᠭᠠᠭᠤᠯᠢ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠠᠵᠢᠯ ᠮᠡᠷᠭᠡᠵᠢᠯ ᠤᠨ ᠤᠷᠢᠯᠭ᠎ᠠ ᠶᠢᠨ ᠤᠷᠤᠯᠳᠤᠭᠠᠨ ᠨᠢ ᠭᠦᠭᠡᠬᠤᠲᠠ ᠶᠢᠨ 5 ᠰᠢᠭᠤᠳ ᠬᠠᠷᠢᠶ᠎ᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠵᠡᠷᠭᠡ ᠪᠠᠷ ᠶᠠᠪᠤᠭᠳᠠᠪᠠ᠃ ᠤᠷᠢᠯᠭ᠎ᠠ ᠶᠢᠨ ᠤᠷᠤᠯᠳᠤᠭᠠᠨ ᠢ ᠭᠦᠭᠡᠬᠤᠲᠠ ᠪᠤᠭᠤᠲᠤ ᠬᠤᠶᠠᠷ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ ᠡᠷᠭᠢᠯᠡᠵᠦ᠂ ᠡᠯ᠎ᠡ ᠠᠵᠢᠯ ᠲᠥᠷᠥᠯ ᠤᠨ ᠤᠷ᠎ᠠ ᠮᠡᠷᠭᠡᠵᠢᠯ ᠤᠨ ᠴᠢᠳᠠᠪᠤᠷᠢᠲᠠᠨ ᠳᠤ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠭᠦ᠂ ᠤᠷ᠎ᠠ ᠮᠡᠷᠭᠡᠵᠢᠯ ᠢᠶᠠᠨ ᠰᠣᠯᠢᠯᠴᠠᠬᠤ ᠲᠠᠪᠴᠠᠩ ᠬᠠᠩᠭᠠᠬᠤ ᠶᠢᠨ ᠬᠠᠮᠲᠤ ᠬᠤᠶᠠᠷ ᠬᠤᠲᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠦᠷᠢᠶᠡᠨ ᠳᠤ ᠭᠠᠷ ᠬᠤᠯᠪᠣᠨ ᠤᠷᠤᠭᠰᠢᠯᠠᠬᠤ ᠶᠢ ᠠᠬᠢᠭᠤᠯᠵᠤ᠂ ᠠᠵᠢᠯ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠪᠠ ᠠᠵᠤ ᠦᠢᠯᠡᠰ ᠤᠨ ᠲᠠᠰ ᠳᠡᠪᠰᠢᠬᠦ ᠳᠤ ᠬᠦᠴᠦᠨ ᠨᠡᠮᠡᠷᠢᠯᠡᠬᠦ ᠶᠢ ᠵᠣᠷᠢᠪᠠ᠃      ᠤᠷᠢᠯᠭ᠎ᠠ ᠶᠢᠨ ᠤᠷᠤᠯᠳᠤᠭᠠᠨ ᠳᠤ ᠡᠯᠧᠺᠲᠷᠣᠨ ᠦᠢᠯᠡᠳᠬᠦᠨ ᠤ ᠵᠢᠷᠤᠭ ᠲᠥᠯᠥᠪᠯᠡᠭᠡ ᠪᠠ ᠬᠡᠷᠡᠭᠯᠡᠯᠲᠡ᠂ ᠴᠠᠭᠢᠯᠭᠠᠨ ᠤᠭᠰᠠᠷᠠᠬᠤ ᠪᠠ ᠰᠡᠯᠪᠢᠨ ᠵᠠᠰᠠᠬᠤ ᠵᠡᠷᠭᠡ 20 ᠤᠷᠤᠯᠳᠤᠭᠠᠨ ᠤ ᠲᠦᠷᠦᠯ ᠢ ᠲᠣᠬᠢᠷᠠᠭᠤᠯᠪᠠ᠃ ᠭᠦᠭᠡᠬᠤᠲᠠ ᠪᠤᠭᠤᠲᠤ ᠬᠤᠶᠠᠷ ᠬᠤᠲᠠ ᠶᠢᠨ 14 ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 7 ᠮᠡᠷᠭᠡᠵᠢᠯ ᠤᠨ ᠠᠵᠢᠯᠴᠢᠨ ᠤ ᠰᠤᠷᠭᠠᠭᠤᠯᠢ᠂ 13 ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ 288 ᠣᠷᠣᠯᠴᠠᠭᠴᠢ  ᠣᠷᠣᠯᠴᠠᠵᠤ᠂ ᠰᠣᠷᠣᠬᠴᠢ ᠶᠢᠨ ᠳᠤᠭᠤᠶᠢᠯᠠᠩ᠂ ᠠᠵᠢᠯᠲᠠᠨ ᠠᠵᠢᠯᠴᠢᠨ ᠤ ᠳᠤᠭᠤᠶᠢᠯᠠᠩ᠂ ᠬᠤᠪᠢ ᠬᠥᠮᠥᠨ ᠤ ᠤᠷᠤᠯᠳᠤᠭᠠᠨ ᠤ ᠡᠯ᠎ᠡ ᠲᠥᠷᠥᠯ ᠤᠨ ᠱᠠᠩᠨᠠᠯ ᠢ ᠨᠡᠶᠢᠲᠡ 144 ᠰᠢᠯᠭᠠᠷᠠᠭᠤᠯᠵᠠᠢ᠃      ᠤᠷᠤᠯᠳᠤᠭᠠᠨ ᠤ ᠴᠡᠭ ᠲᠤ ᠪᠠᠰᠠ ︽ᠰᠤᠷᠭᠠᠭᠤᠯᠢ ᠶᠢᠨ ᠬᠦᠷᠢᠶᠡᠨ ᠤ ᠨᠡᠭᠡᠭᠡᠯᠲᠡ ᠶᠢᠨ ᠡᠳᠦᠷ︾ ᠤᠨ ᠰᠢᠷᠢᠰ ᠠᠵᠢᠯᠯᠠᠭ᠎ᠠ ᠶᠢ ᠲᠣᠬᠢᠷᠠᠭᠤᠯᠵᠤ᠂ ᠨᠡᠶᠢᠲᠡ 39 ᠠᠵᠤ ᠠᠬᠤᠶᠢᠯᠠᠯ᠂ 8 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ 1647 ᠭᠡᠷ ᠤᠨ ᠠᠬᠠᠮᠠᠳ ᠰᠤᠷᠤᠬᠴᠢᠳ ᠲᠣᠭᠤᠷᠢᠨ ᠦᠵᠡᠵᠦ ᠣᠶᠢᠯᠠᠭᠠᠪᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠪᠠ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠭᠦᠢᠴᠡᠳ ᠳᠡᠯᠭᠡᠨ ᠦᠵᠡᠭᠦᠯᠵᠦ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ  ᠤᠷᠠᠨ ᠳᠠᠷᠬᠠᠨ ᠤ ᠵᠣᠷᠢᠭ ᠰᠠᠨᠠᠭ᠎ᠠ ᠶᠢ ᠤᠬᠠᠭᠤᠯᠵᠤ᠂ ᠭᠦᠳᠡᠯᠮᠦᠷᠢ ᠥᠩᠭᠡ ᠭᠡᠷᠡᠯ ᠲᠠᠢ᠂ ᠮᠡᠷᠭᠡᠵᠢᠯ ᠴᠢᠳᠠᠪᠤᠷᠢ ᠡᠷᠬᠢᠮ ᠨᠠᠨᠳᠢᠨ᠂ ᠡᠭᠦᠳᠦᠨ ᠪᠦᠲᠦᠭᠡᠯᠲᠡ ᠠᠭᠤᠤ ᠶᠡᠭᠡ ᠪᠠᠶᠢᠬᠤ ᠴᠠᠭ ᠦᠶ᠎ᠡ ᠶᠢᠨ ᠬᠡᠪ ᠰᠤᠷᠲᠠᠯ ᠢ ᠪᠠᠳᠠᠷᠠᠭᠤᠯᠤᠨ᠂ ᠨᠡᠶᠢᠭᠡᠮ ᠳᠠᠶᠠᠭᠠᠷ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠪᠠ᠃      ᠤᠷᠢᠯᠭ᠎ᠠ ᠶᠢᠨ ᠤᠷᠤᠯᠳᠤᠭᠠᠨ ᠤ ᠲᠡᠭᠦᠰᠬᠦ ᠶᠣᠰᠣᠯᠠᠯ ᠭᠦᠭᠡᠬᠤᠲᠠ ᠶᠢᠨ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ ᠤᠨ ᠠᠵᠢᠯ ᠮᠡᠷᠭᠡᠵᠢᠯ ᠤᠨ ᠰᠤᠷᠭᠠᠭᠤᠯᠢ ᠳᠤ ᠶᠠᠪᠤᠭᠳᠠᠵᠤ᠂ ᠱᠠᠩᠨᠠᠯ ᠣᠯᠭᠤᠬᠤ ᠶᠣᠰᠣᠯᠠᠯ ᠳᠤ ᠭᠦᠭᠡᠬᠤᠲᠠ ᠪᠤᠭᠤᠲᠤ ᠶᠢᠨ ︽ᠤᠮᠠᠷᠠᠲᠤ ᠬᠢᠯᠢ ᠶᠢᠨ ᠤᠷᠠᠨ ᠳᠠᠷᠬᠠᠨ︾ ᠢ ᠳᠡᠮᠵᠢᠨ ᠪᠣᠶᠢᠵᠢᠭᠤᠯᠬᠤ ᠲᠥᠯᠥᠪᠯᠡᠭᠡ ᠶᠢ ᠡᠬᠢᠯᠡᠭᠦᠯᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ