ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 31 ᠤ ᠴᠠᠬᠢᠯᠭᠠᠨ ᠮᠡᠳᠡᠭᠡ 4 ᠰᠠᠷ᠎ᠠ ᠶᠢᠨ 1 ᠤ ᠡᠳᠦᠷ ᠬᠡᠪᠯᠡᠭᠳᠡᠭᠰᠡᠨ 7 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ᠃ | ᠡᠨᠡ ᠪᠣᠯ ᠶᠡᠷᠦᠩᠬᠡᠢ ᠱᠦᠵᠢ ᠰᠢ ᠶᠢᠨ ᠫᠢᠩ ᠤᠨ 2012 ᠣᠨ ᠤ 11 ᠰᠠᠷ᠎ᠠ ᠠᠴᠠ 2023 ᠣᠨ ᠤ 12 ᠰᠠᠷ᠎ᠠ ᠪᠣᠯᠲᠠᠯᠠᠬᠢ ᠬᠤᠭᠤᠴᠠᠭᠠᠨ ᠳᠠᠬᠢ | ᠬᠤᠯᠪᠣᠭᠳᠠᠯ ᠪᠦᠬᠦᠢ ᠴᠢᠬᠤᠯᠠ ᠥᠭᠦᠯᠡᠯᠲᠡ ᠶᠢᠨ ᠲᠣᠪᠴᠢᠯᠠᠪᠤᠷᠢ ᠪᠣᠯᠣᠨ᠎ᠠ᠃ | ᠵᠣᠬᠢᠶᠠᠯ ᠳᠤ᠂ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠭᠴᠢ ᠮᠥᠨ᠂ ᠠᠷᠠᠳ ᠲᠦᠮᠡᠨ ᠪᠣᠯ ᠵᠢᠩᠬᠢᠨᠢ ᠪᠠᠭᠠᠲᠤᠷ ᠮᠥᠨ᠃ ᠮᠠᠨ ᠤ ᠨᠠᠮ ᠪᠣᠯ | ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠵᠦ᠂ ᠠᠷᠠᠳ ᠲᠦᠮᠡᠨ ᠳᠤ ᠦᠢᠯᠡᠴᠢᠯᠡᠳᠡᠭ᠂ ᠨᠠᠮ ᠤᠨ ᠦᠨᠳᠦᠰᠦ ᠰᠠᠭᠤᠷᠢ | ᠨᠢ ᠠᠷᠠᠳ ᠲᠦᠮᠡᠨ ᠤ ᠳᠤᠮᠳᠠ ᠪᠠᠶᠢᠵᠤ᠂ ᠠᠮᠢᠨ ᠰᠤᠳᠠᠰᠤ ᠨᠢ ᠠᠷᠠᠳ ᠲᠦᠮᠡᠨ ᠤ ᠳᠤᠮᠳᠠ ᠪᠠᠶᠢᠵᠤ᠂ ᠬᠦᠴᠦᠨ ᠴᠢᠳᠠᠯ ᠨᠢ ᠠᠷᠠᠳ ᠲᠦᠮᠡᠨ ᠤ ᠳᠤᠮᠳᠠ ᠪᠠᠶᠢᠳᠠᠭ᠃ | ᠠᠷᠠᠳ ᠲᠦᠮᠡᠨ ᠪᠣᠯ ᠮᠠᠨ ᠤ ᠨᠠᠮ ᠤᠨ ᠲᠥᠷᠥ ᠪᠠᠷᠢᠬᠤ ᠬᠠᠮᠤᠭ ᠤᠨ ᠶᠡᠭᠡ ᠢᠳᠡ ᠬᠦᠴᠦᠨ ᠮᠥᠨ᠂ ᠮᠠᠨ ᠤ ᠪᠦᠭᠦᠳᠡ ᠨᠠᠶᠢᠷᠠᠮᠳᠠᠬᠤ ᠤᠯᠤᠰ ᠤᠨ ᠪᠠᠲᠤ ᠪᠠᠬᠢ | ᠦᠨᠳᠦᠰᠦ ᠰᠠᠭᠤᠷᠢ ᠮᠥᠨ᠂ ᠮᠠᠨ ᠤ ᠨᠠᠮ ᠢᠶᠠᠨ ᠬᠦᠴᠦᠷᠬᠡᠭᠵᠢᠭᠦᠯᠵᠦ ᠤᠯᠤᠰ ᠢᠶᠠᠨ ᠮᠠᠨᠳᠤᠭᠤᠯᠬᠤ ᠶᠢᠨ ᠦᠨᠳᠦᠰᠦ ᠰᠠᠭᠤᠷᠢ ᠮᠥᠨ᠃ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠃ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ | ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠣᠯ ᠳᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠡᠳ᠋ᠯᠡᠭᠦᠯᠵᠦ᠂ ᠳᠤᠮᠳᠠᠳᠤ ᠶᠢᠨ ᠦᠨᠳᠦᠰᠦᠲᠡᠨ ᠤ | ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠣᠨ᠎ᠠ᠃ ᠡᠨᠡ ᠬᠦ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠣᠯ ᠳᠤᠮᠳᠠᠳᠤ ᠤᠯᠤᠰ ᠤᠨ ᠡᠪ | ᠬᠠᠮᠲᠤᠴᠤᠳ ᠢ ᠤᠷᠮᠠᠰᠢᠭᠤᠯᠤᠨ ᠵᠣᠷᠢᠭᠵᠢᠭᠤᠯᠵᠤ ᠲᠠᠰᠤᠷᠠᠯᠲᠠ ᠦᠭᠡᠢ ᠤᠷᠤᠭᠰᠢᠯᠠᠭᠤᠯᠬᠤ ᠦᠨᠳᠦᠰᠦᠨ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠲᠥᠷᠥ ᠭᠥᠷᠥᠨ ᠪᠣᠯ ᠠᠷᠠᠳ ᠲᠦᠮᠡᠨ ᠮᠥᠨ᠂ ᠠᠷᠠᠳ ᠲᠦᠮᠡᠨ ᠪᠣᠯ ᠲᠥᠷᠥ ᠬᠦᠴᠦᠨ ᠮᠥᠨ᠂ ᠲᠥᠷᠥ ᠭᠥᠷᠥᠨ ᠢ ᠪᠠᠶᠢᠭᠤᠯᠵᠤ᠂ ᠲᠥᠷᠥ | ᠭᠥᠷᠥᠨ ᠢ ᠰᠠᠬᠢᠬᠤ ᠳᠤ ᠰᠠᠬᠢᠵᠤ ᠪᠠᠶᠢᠭ᠎ᠠ ᠨᠢ ᠳᠠᠷᠤᠢ ᠠᠷᠠᠳ ᠲᠦᠮᠡᠨ ᠤ ᠰᠡᠳᠬᠢᠯ ᠢ ᠰᠠᠬᠢᠵᠤ ᠪᠠᠶᠢᠨ᠎ᠠ᠃ ᠠᠷᠠᠳ ᠲᠦᠮᠡᠨ ᠤ ᠵᠣᠭᠰᠣᠯᠲᠠ ᠪᠣᠯ ᠳᠤᠮᠳᠠᠳᠤ | ᠤᠯᠤᠰ ᠤᠨ ᠡᠪ ᠬᠠᠮᠲᠤ ᠨᠠᠮ ᠤᠨ ᠦᠨᠳᠦᠰᠦᠨ ᠤᠯᠤᠰ ᠲᠥᠷᠥ ᠶᠢᠨ ᠵᠣᠭᠰᠣᠯᠲᠠ ᠮᠥᠨ᠂ ᠮᠠᠷᠺᠰ ᠤᠨ ᠦᠵᠡᠯ ᠤᠨ ᠲᠥᠷᠥ ᠶᠢᠨ ᠨᠠᠮ ᠪᠣᠯᠣᠨ ᠲᠥᠷᠥ ᠶᠢᠨ | ᠨᠠᠮ ᠠᠴᠠ ᠢᠯᠭᠠᠭᠳᠠᠬᠤ ᠢᠯᠡᠷᠬᠡᠢ ᠰᠢᠨᠵᠢ ᠲᠡᠮᠳᠡᠭ ᠮᠥᠨ᠃ ᠨᠠᠮ ᠠᠷᠠᠳ ᠲᠦᠮᠡᠨ ᠤ ᠠᠰᠢᠭ ᠲᠤᠰᠠ ᠠᠴᠠ ᠭᠠᠳᠠᠨ᠎ᠠ ᠥᠪᠡᠷ ᠤᠨ ᠣᠨᠴᠠᠭᠠᠢ ᠠᠰᠢᠭ ᠲᠤᠰᠠ ᠭᠡᠵᠦ | ᠪᠠᠶᠢᠬᠤ ᠦᠭᠡᠢ᠂ ᠨᠠᠮ ᠤᠨ ᠠᠯᠢᠪᠠ ᠠᠵᠢᠯ ᠪᠣᠯ ᠴᠥᠮ ᠬᠠᠮᠤᠭ ᠤᠨ ᠥᠷᠭᠡᠨ ᠣᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ | ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠶᠢᠨ ᠲᠥᠯᠥᠭᠡ ᠶᠤᠮ᠃ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ | ᠵᠣᠷᠢᠯᠲᠠ ᠶᠢ ᠪᠠᠷᠢᠮᠲᠠᠯᠠᠨ᠂ ᠣᠯᠠᠨ ᠲᠦᠮᠡᠨᠴᠢ ᠱᠤᠭᠤᠮ ᠢ ᠲᠤᠭᠤᠰᠢᠯᠠᠭᠤᠯᠵᠤ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠪᠠ ᠡᠭᠦᠳᠦᠨ ᠪᠦᠲᠦᠭᠡᠬᠦ | ᠵᠣᠷᠢᠭ ᠰᠠᠨᠠᠭ᠎ᠠ ᠶᠢ ᠬᠦᠨᠳᠦᠳᠬᠡᠨ᠂ ᠠᠷᠠᠳ ᠣᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠵᠤ᠂ ᠠᠷᠠᠳ ᠲᠦᠮᠡᠨ ᠲᠠᠢ ᠬᠠᠲᠠᠭᠤ | ᠪᠡᠷᠬᠡᠰᠢᠶᠡᠯ ᠢ ᠬᠠᠮᠲᠤ ᠪᠠᠷ ᠲᠤᠭᠤᠯᠤᠨ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠲᠦᠮᠡᠨ ᠤ ᠪᠣᠳᠣᠵᠤ ᠪᠠᠶᠢᠭ᠎ᠠ ᠵᠦᠢᠯ ᠢ ᠰᠠᠨᠠᠭᠠᠰᠢᠷᠠᠨ᠂ | ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠭᠦᠢᠴᠡᠳᠬᠡᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ | ᠦᠭᠡᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠷᠠᠳ ᠲᠦᠮᠡᠨ ᠪᠣᠯ | ᠰᠢᠢᠳᠪᠦᠷᠢᠯᠡᠭᠴᠢ ᠴᠢᠨᠠᠷᠲᠠᠢ ᠬᠦᠴᠦᠨ ᠮᠥᠨ᠃ ᠡᠷᠬᠡᠪᠰᠢ ᠪᠥᠬᠦ ᠠᠷᠠᠳ ᠲᠦᠮᠡᠨ ᠬᠠᠮᠲᠤ ᠪᠠᠷ ᠣᠷᠣᠯᠴᠠᠬᠤ᠂ ᠬᠠᠮᠲᠤ ᠪᠠᠷ ᠪᠦᠲᠦᠭᠡᠨ ᠪᠠᠶᠢᠭᠤᠯᠬᠤ᠂ ᠬᠠᠮᠲᠤ ᠪᠠᠷ | ᠡᠳ᠋ᠯᠡᠬᠦ ᠶᠢ ᠪᠠᠷᠢᠮᠲᠠᠯᠠᠵᠤ᠂ ᠪᠥᠬᠦ ᠠᠷᠠᠳ ᠲᠦᠮᠡᠨ ᠤ ᠰᠡᠳᠬᠢᠯ ᠨᠢᠭᠡᠳᠦᠨ ᠬᠠᠮᠲᠤᠷᠠᠯᠴᠠᠬᠤ᠂ ᠶᠡᠭᠡ ᠦᠢᠯᠡᠰ ᠢ ᠬᠠᠮᠲᠤ ᠪᠠᠷ ᠪᠦᠲᠦᠭᠡᠬᠦ ᠳᠤ ᠴᠢᠩᠭ᠎ᠠ ᠲᠦᠰᠢᠭᠯᠡᠬᠦ | ᠬᠡᠷᠡᠭᠲᠡᠢ᠃ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠢ ᠬᠥᠭᠵᠢᠭᠦᠯᠵᠦ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ | ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠪᠠᠶᠢᠭᠤᠯᠤᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠪᠥᠬᠦ ᠠᠷᠠᠳ ᠲᠦᠮᠡᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠬᠦ ᠬᠡᠷᠡᠭᠲᠡᠢ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠥᠬᠦ ᠠᠷᠠᠳ ᠲᠦᠮᠡᠨ ᠳᠤ | ᠨᠡᠩ ᠣᠯᠠᠨ ᠨᠡᠩ ᠭᠤᠣᠯᠴᠢ ᠪᠠᠷ ᠬᠦᠷᠲᠡᠭᠡᠵᠦ᠂ ᠪᠥᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠨᠡᠩ ᠢᠯᠡᠷᠬᠡᠢ ᠮᠥᠨ ᠴᠢᠨᠠᠷ ᠤᠨ | ᠠᠬᠢᠴᠠ ᠲᠠᠢ ᠪᠣᠯᠭᠠᠬᠤ ᠬᠡᠷᠡᠭᠲᠡᠢ᠃ ᠪᠥᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠡᠭᠡ ᠪᠦᠯᠬᠦᠮᠳᠡᠯ᠂ ᠤᠯᠤᠰ ᠤᠨ ᠳᠣᠲᠣᠭᠠᠳᠤ | ᠭᠠᠳᠠᠭᠠᠳᠤ ᠶᠢᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠢᠳᠡᠪᠬᠢ ᠬᠦᠴᠦᠨ ᠵᠦᠢᠯ | ᠪᠥᠬᠦᠨ ᠢ ᠭᠦᠢᠴᠡᠳ ᠳᠠᠶᠢᠴᠢᠯᠠᠨ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ | ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ |