ᠪᠤᠤ ᠭᠠᠩ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠣᠹᠧᠰᠰᠣᠷ ᠬᠤᠸᠠᠩ ᠸᠧᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/10
      ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 8  ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠣᠹᠧᠰᠰᠣᠷ ᠬᠤᠸᠠᠩ ᠸᠧᠢ ᠨᠠᠷ ᠲᠠᠢ ᠠᠭᠤᠯᠵᠠᠪᠠ᠃       ᠠᠭᠤᠯᠵᠠᠯᠲᠠ ᠳᠤᠮᠳᠠ᠂ ᠪᠤᠤ ᠭᠠᠩ ᠬᠤᠸᠠᠩ ᠸᠧᠢ ᠠᠺᠠᠳᠧᠮᠢᠴᠢ ᠨᠠᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠣᠳᠣᠬᠠᠨ ᠳᠤ᠂ ᠬᠥᠬᠡᠬᠤᠲᠠ ᠶᠠᠭ ᠲᠦᠷᠦ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠴᠢᠬᠤᠯᠠ ᠶᠡᠭᠡ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠪᠣᠳᠣᠯᠭ᠎ᠠ ᠶᠢᠨ ᠬᠦᠴᠦᠨ᠂ ᠴᠠᠬᠢᠭᠤᠷ ᠮᠠᠲ᠋ᠧᠷᠢᠶᠠᠯ ᠵᠡᠷᠭᠡ ᠠᠵᠤ ᠦᠢᠯᠡᠰ ᠤᠨ ᠰᠠᠭᠤᠷᠢ ᠵᠢᠴᠢ ᠨᠣᠭᠤᠭᠠᠨ ᠴᠠᠬᠢᠯᠭᠠᠨ᠂ ᠣᠷᠣᠨ ᠪᠠᠶᠢᠷᠢ ᠵᠡᠷᠭᠡ ᠳᠠᠪᠠᠭᠤᠯᠢᠭ ᠨᠥᠬᠦᠴᠡᠯ ᠳᠤ ᠰᠠᠭᠤᠷᠢᠯᠠᠵᠤ᠂ ᠬᠢᠮᠡᠯ ᠤᠶᠤᠨ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠪᠣᠯᠣᠨ ᠢᠷᠡᠭᠡᠳᠦᠢ ᠶᠢᠨ ᠠᠵᠤ ᠦᠢᠯᠡᠰ ᠢ ᠲᠦᠷᠭᠡᠨ ᠪᠠᠶᠢᠷᠢᠰᠢᠭᠤᠯᠵᠤ ᠪᠠᠶᠢᠨ᠎ᠠ᠃ ᠬᠤᠸᠠᠩ ᠸᠧᠢ ᠠᠺᠠᠳᠧᠮᠢᠴᠢ ᠮᠠᠨ ᠤ ᠤᠯᠤᠰ ᠤᠨ ᠣᠷᠭᠠᠨᠢᠭ ᠡᠯᠧᠺᠲᠷᠣᠨ ᠤ ᠤᠬᠠᠭᠠᠨ ᠪᠣᠯᠣᠨ ᠤᠶᠠᠨ ᠡᠯᠧᠺᠲᠷᠣᠨ ᠤᠬᠠᠭᠠᠨ ᠤ ᠳᠠᠭᠠᠭᠤᠯᠤᠭᠴᠢ ᠪᠣᠯᠤᠭᠰᠠᠨ ᠤ ᠬᠤᠪᠢ ᠳᠤ᠂ ᠰᠤᠳᠤᠯᠭᠠᠨ ᠤ ᠬᠦᠷᠢᠶ᠎ᠡ ᠬᠡᠪᠴᠢᠶ᠎ᠡ ᠨᠢ ᠮᠠᠨ ᠤ ᠬᠤᠳᠠ ᠶᠢᠨ ᠠᠵᠤ ᠦᠢᠯᠡᠰ ᠤᠨ ᠬᠥᠭᠵᠢᠯᠲᠡ ᠲᠠᠢ ᠳᠡᠭᠡᠳᠦ ᠬᠡᠮᠵᠢᠶ᠎ᠡ ᠪᠠᠷ ᠲᠠᠭᠠᠷᠠᠯᠴᠠᠵᠤ᠂ ᠬᠤᠸᠠᠩ ᠸᠧᠢ ᠠᠺᠠᠳᠧᠮᠢᠴᠢ ᠶᠢᠨ ᠪᠦᠯᠬᠦᠮ ᠤᠨ ᠬᠢᠨ ᠮᠠᠨ ᠤ ᠬᠤᠳᠠ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠢᠶ᠎ᠠ ᠪᠦᠬᠦᠢ ᠬᠦᠷᠢᠶᠡᠨ ᠤ ᠴᠢᠳᠠᠪᠤᠷᠢᠲᠠᠨ᠂ ᠮᠡᠷᠭᠡᠵᠢᠯ᠂ ᠲᠦᠷᠦᠯ ᠵᠦᠢᠯ ᠤᠨ ᠣᠷᠣᠨ ᠤ ᠲᠥᠪ ᠲᠤ ᠴᠤᠭᠯᠠᠷᠠᠬᠤ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠷᠭᠡᠳᠬᠡᠬᠦ ᠳᠤ ᠬᠦᠴᠦᠨ ᠨᠡᠮᠡᠷᠢᠯᠡᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠺᠠᠳᠧᠮᠢᠴᠢ ᠶᠢᠨ ᠪᠦᠯᠬᠦᠮ ᠤᠨ ᠬᠥᠬᠡᠬᠤᠲᠠ ᠳᠠᠬᠢ ᠬᠥᠭᠵᠢᠯᠲᠡ ᠳᠤ ᠪᠥᠬᠦ ᠬᠦᠴᠦᠨ ᠢᠶᠠᠷ ᠢᠶᠠᠨ ᠰᠢᠯᠢᠳᠡᠭ ᠦᠢᠯᠡᠴᠢᠯᠡᠭᠡ ᠬᠠᠩᠭᠠᠵᠤ᠂ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠨ᠎ᠠ ᠭᠡᠵᠡᠢ᠃       ᠬᠤᠸᠠᠩ ᠸᠧᠢ᠂ ᠬᠥᠬᠡᠬᠤᠲᠠ ᠶᠢᠨ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠨ᠎ᠠ᠂ ᠤᠶᠠᠨ ᠡᠯᠧᠺᠲᠷᠣᠨ ᠤ ᠬᠠᠮᠢᠶ᠎ᠠ ᠪᠦᠬᠦᠢ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠪᠠᠲᠤ ᠪᠠᠬᠢ ᠰᠠᠭᠤᠷᠢ ᠶᠢ ᠬᠠᠩᠭᠠᠵᠠᠢ᠃ ᠲᠤᠰ ᠪᠦᠯᠬᠦᠮ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠬᠦ᠂ ᠠᠵᠤ ᠦᠢᠯᠡᠰ ᠤᠨ ᠨᠡᠪᠴᠢᠭᠦᠯᠬᠦ ᠲᠦᠷᠦᠯ ᠵᠦᠢᠯ ᠢ ᠲᠦᠷᠭᠡᠨ ᠪᠠᠶᠢᠷᠢᠰᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠤᠯᠠᠷᠢᠭᠤᠯᠬᠤ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠭᠡᠪᠡ᠃       ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ ᠵᠤᠤ ᠶᠦᠩ᠂ ᠬᠤᠳᠠ ᠶᠢᠨ ᠤᠳᠤᠷᠢᠳᠤᠯᠭ᠎ᠠ ᠵᠢᠶᠣᠣ ᠬᠤᠩ᠂ ᠵᠦ ᠵᠢᠶᠠᠨ ᠭᠦᠸᠧ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ