ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠲᠦᠷᠦᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠪᠡᠭᠡᠵᠢᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/10
ᠾᠧ ᠬᠠᠢ ᠳ᠋ᠦᠩ ᠣᠷᠣᠯᠴᠠᠵᠠᠢ       ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 9 ᠤ ᠡᠳᠦᠷ᠂ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠲᠥᠷᠥᠯ ᠵᠦᠢᠯ ᠢ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠪᠡᠭᠡᠵᠢᠩ ᠳᠤ ᠶᠠᠪᠤᠭᠳᠠᠪᠠ᠃       ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠶᠣᠰᠣᠯᠠᠯ ᠳᠤ ᠣᠷᠣᠯᠴᠠᠭᠰᠠᠨ ᠪᠥᠭᠡᠳ ᠭᠡᠷ᠎ᠡ ᠲᠣᠭᠲᠠᠬᠤ ᠶᠢ ᠭᠡᠷᠡᠴᠢᠯᠡᠵᠡᠢ᠃       ᠣᠶᠢᠯᠠᠭᠠᠭᠰᠠᠨ ᠢᠶᠠᠷ᠂ ᠲᠤᠰ ᠤᠳᠠᠭᠠᠨ ᠤ ᠲᠥᠪᠯᠡᠷᠡᠭᠦᠯᠦᠨ ᠭᠡᠷ᠎ᠡ ᠲᠣᠭᠲᠠᠭᠰᠠᠨ ᠲᠥᠷᠥᠯ ᠵᠦᠢᠯ ᠳᠤ ᠰᠢᠩ ᠾᠧ ᠬᠥᠳᠡᠯᠭᠡᠬᠦ ᠬᠦᠴᠦᠨ ᠤ ᠰᠢᠨ᠎ᠡ ᠨᠢᠭᠡ ᠦᠶ᠎ᠡ ᠶᠢᠨ ᠬᠤᠳᠠᠯᠳᠤᠭᠠᠨ ᠤ ᠬᠥᠯᠭᠡ ᠲᠡᠶᠢᠷᠦᠯᠲᠦ ᠰᠤᠮᠤ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠂  ᠭᠥᠸᠧ ᠳ᠋ᠢᠶᠠᠨ ᠭᠤᠤ ᠺᠧ ᠳᠠᠭᠠᠭᠤᠯᠢ ᠤᠳᠤᠨ ᠤ ᠢᠨᠲ᠋ᠧᠷ ᠰᠦᠯᠵᠢᠶᠡᠨ ᠤ ᠤᠳᠤᠨ ᠣᠷᠣᠨ ᠤ ᠲᠦᠷᠦᠯ ᠵᠦᠢᠯ᠂  ᠭᠠᠨ ᡁᠢ ᠴᠢ ᠶᠤᠸᠠᠨ ᠤᠳᠤᠨ ᠠᠴᠢᠶᠠᠯᠠᠪᠤᠷᠢ ᠶᠢᠨ ᠨᠡᠶᠢᠯᠡᠯᠭᠡ ᠬᠦᠵᠦᠭᠦᠲᠦ ᠷᠠᠳᠠᠷ ᠤᠨ ᠦᠢᠯᠡᠳᠪᠦᠷᠢᠯᠡᠯ ᠤᠨ ᠲᠦᠷᠦᠯ ᠵᠦᠢᠯ᠂ ᠵᠢᠶᠠᠨ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠪᠡᠷᠡᠬᠦ ᠦᠭᠡᠢ ᠪᠣᠯᠣᠳ ᠬᠤᠳᠠᠯᠳᠤᠭᠠᠨ ᠤ ᠰᠢᠩᠭᠡᠨ ᠪᠡᠶᠡᠲᠦ ᠲᠡᠶᠢᠷᠦᠯᠲᠦ ᠰᠤᠮᠤ ᠶᠢᠨ ᠦᠢᠯᠡᠳᠪᠦᠷᠢᠯᠡᠯ ᠤᠨ ᠲᠦᠷᠦᠯ ᠵᠦᠢᠯ᠂ ᠬᠠᠢ ᠮᠦ ᠺᠠᠩ ᠨᠡᠶᠢᠳᠡᠮ ᠬᠡᠷᠡᠭᠯᠡᠭᠡᠨ ᠤ ᠨᠢᠰᠬᠡᠯ ᠤᠨ ᠦᠢᠯᠡᠳᠪᠦᠷᠢᠯᠡᠯ ᠤᠨ ᠲᠦᠷᠦᠯ ᠵᠦᠢᠯ ᠪᠣᠯᠣᠨ ᠰᠢᠩ ᠵᠢᠶᠧ ᠰᠢᠨᠵᠢᠯᠡᠬᠦ ᠤᠬᠠᠭᠠᠨ ᠮᠡᠷᠭᠡᠵᠢᠯ ᠤᠨ ᠳᠤᠮᠳᠠᠳᠤ ᠤᠯᠤᠰ ᠤᠨ ᠣᠭᠲᠠᠷᠭᠤᠢ ᠶᠢᠨ ᠦᠷᠳᠡᠭᠡ ᠶᠢᠨ ᠳᠣᠣᠷ᠎ᠠ ᠥᠪᠡᠷ ᠤᠨ ᠦᠷᠳᠡᠭ ᠢᠶᠠᠷ ᠪᠠᠷᠠᠭ᠎ᠠ ᠲᠡᠭᠡᠭᠡᠪᠦᠷᠢᠯᠡᠬᠦ ᠨᠢᠰᠬᠦ ᠣᠩᠭᠤᠴᠠ ᠶᠢᠨ ᠶᠡᠷᠦᠩᠬᠡᠢ ᠤᠭᠰᠠᠷᠠᠯᠲᠠ ᠶᠢᠨ ᠬᠤᠷᠠᠮᠠᠯ ᠬᠡᠮᠵᠢᠯᠲᠡ ᠶᠢᠨ ᠦᠢᠯᠡᠳᠪᠦᠷᠢᠯᠡᠯ ᠤᠨ ᠱᠤᠭᠤᠮ ᠤᠨ ᠲᠦᠷᠦᠯ ᠵᠦᠢᠯ ᠪᠠᠭᠲᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠤᠯᠠᠨ ᠬᠦᠷᠢᠶ᠎ᠡ ᠶᠢ ᠬᠠᠮᠤᠷᠠᠪᠠ᠃       ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠦᠷᠦᠯ ᠤᠨ ᠨᠡᠭᠡᠭᠡᠯᠲᠡ ᠶᠢᠨ ᠲᠣᠭᠤᠷᠢᠭ ᠪᠤᠯᠤᠨ᠎ᠠ᠂ 2023 ᠣᠨ ᠤ 3 ᠳ᠋ᠤᠭᠠᠷ ᠰᠠᠷ᠎ᠠ ᠶᠢᠨ 25 ᠤ ᠡᠳᠦᠷ ᠵᠢᠩᠬᠢᠨᠢ ᠪᠠᠷ ᠵᠥᠪᠰᠢᠶᠡᠷᠡᠨ ᠪᠠᠶᠢᠭᠤᠯᠵᠤ᠂ ᠬᠥᠬᠡᠬᠤᠲᠠ ᠶᠢᠨ ᠰᠠᠶᠢᠬᠠᠨ ᠲᠣᠭᠤᠷᠢᠭ ᠲᠤ ᠪᠠᠶᠢᠷᠢᠯᠠᠵᠤ᠂ ᠲᠥᠯᠥᠪᠵᠢᠭᠦᠯᠦᠭᠰᠡᠨ ᠲᠠᠯᠠᠪᠠᠢ ᠨᠢ 62 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ︽ᠨᠢᠭᠡ ᠲᠣᠭᠤᠷᠢᠭ ᠲᠠᠪᠤᠨ ᠬᠦᠷᠢᠶᠡᠯᠡᠩ︾ ︵ᠰᠠᠨᠰᠠᠷ ᠤᠨ ᠠᠶᠠᠯᠠᠯ ᠤᠨ ᠲᠤᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠦᠷᠢᠶᠡᠯᠡᠩ᠂ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠦᠷᠢᠶᠡᠯᠡᠩ᠂ ᠡᠯᠡᠰᠦᠨ ᠳᠠᠪᠠᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠵᠤ ᠦᠢᠯᠡᠰ ᠤᠨ ᠬᠦᠷᠢᠶᠡᠯᠡᠩ︶ ᠶᠣᠰᠣᠭᠠᠷ ᠠᠵᠤ ᠦᠢᠯᠡᠰ ᠢ ᠪᠠᠶᠢᠷᠢᠰᠢᠭᠤᠯᠵᠤ᠂ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠢᠨ᠎ᠡ ᠥᠨᠳᠦᠷᠯᠢᠭ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠵᠠᠮ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠰᠢᠨ᠎ᠡ ᠬᠥᠳᠡᠯᠭᠡᠭᠦᠷ ᠪᠣᠯᠣᠨ᠎ᠠ᠃       ᠬᠤᠲᠠ ᠶᠢᠨ ᠤᠳᠤᠷᠢᠳᠤᠯᠭ᠎ᠠ ᠯᠢ ᠰᠢᠶᠣᠣ ᠶᠠᠨ᠂ ᠵᠦ ᠵᠢᠶᠠᠨ ᠭᠦᠸᠧ᠂ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠬᠠᠮᠢᠶ᠎ᠠ ᠪᠦᠬᠦᠢ ᠭᠡᠷ᠎ᠡ ᠲᠣᠭᠲᠠᠭᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ