ᠲᠦᠷᠦᠭᠦᠬᠡᠨ᠂ ᠭᠦᠭᠡᠬᠤᠳᠠ ᠶᠢᠨ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠰᠤᠷᠭᠠᠭᠤᠯᠢ ᠶᠢᠨ | ᠬᠦᠷᠢᠶ᠎ᠡ ᠶᠢᠨ ᠳᠡᠭᠡᠰᠦ ᠦᠰᠦᠷᠬᠦ ᠤᠷᠤᠯᠳᠤᠭᠠᠨ ᠭᠦᠭᠡᠬᠤᠲᠠ ᠶᠢᠨ ᠬᠤᠷᠢᠨᠭᠡᠷ ᠰᠢᠶᠠᠨ ᠳᠤ ᠶᠠᠪᠤᠭᠳᠠᠵᠤ᠂ ᠨᠡᠶᠢᠲᠡ 18 ᠰᠤᠷᠭᠠᠭᠤᠯᠢ ᠶᠢᠨ 506 ᠲᠠᠮᠢᠷᠴᠢᠨ | ᠤᠷᠤᠯᠳᠤᠭᠠᠨ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠲᠤᠰ ᠤᠷᠤᠯᠳᠤᠭᠠᠨ ᠳᠤ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠳᠤᠮᠳᠠᠳᠤ ᠶᠢᠨ ᠳᠤᠭᠤᠶᠢᠯᠠᠩ᠂ ᠥᠨᠳᠥᠷ | ᠳᠤᠮᠳᠠᠳᠤ ᠶᠢᠨ ᠳᠤᠭᠤᠶᠢᠯᠠᠩ᠂ ᠪᠠᠭᠰᠢ ᠠᠵᠢᠯᠲᠠᠨ ᠤ ᠳᠤᠭᠤᠶᠢᠯᠠᠩ ᠭᠡᠬᠦ ᠳᠥᠷᠪᠡᠨ ᠳᠤᠭᠤᠶᠢᠯᠠᠩ ᠲᠣᠬᠢᠷᠠᠭᠤᠯᠵᠤ᠂ ᠬᠤᠪᠢ ᠬᠥᠮᠥᠨ ᠤ ᠤᠷᠤᠯᠳᠤᠭᠠᠨ ᠵᠢᠴᠢ | ᠬᠠᠮᠲᠤ ᠶᠢᠨ ᠤᠷᠤᠯᠳᠤᠭᠠᠨ ᠭᠡᠬᠦ ᠬᠤᠶᠠᠷ ᠶᠡᠭᠡ ᠲᠥᠷᠥᠯ ᠢ ᠬᠠᠮᠤᠷᠴᠤ᠂ ᠬᠤᠪᠢ ᠬᠥᠮᠥᠨ ᠤ ᠤᠷᠤᠯᠳᠤᠭᠠᠨ ᠢ 1 ᠮᠢᠨᠦ᠋ᠲ ᠤᠨ ᠦᠰᠦᠷᠦᠯᠲᠡ᠂ 30 | ᠰᠧᠺᠦ᠋ᠨ᠋ᠳ᠋ ᠤᠨ ᠦᠰᠦᠷᠦᠯᠲᠡ᠂ ᠬᠠᠮᠲᠤ ᠶᠢᠨ ᠤᠷᠤᠯᠳᠤᠭᠠᠨ ᠢ 1 ᠮᠢᠨᠦ᠋ᠲ ᠲᠤ 10 ᠬᠥᠮᠥᠨ ᠬᠠᠮᠲᠤ ᠪᠠᠷ ᠤᠷᠲᠤ ᠳᠡᠭᠡᠰᠦ ᠦᠰᠦᠷᠬᠦ ᠵᠡᠷᠭᠡ ᠤᠯᠠᠨ | ᠲᠦᠷᠦᠯ ᠵᠦᠢᠯ ᠬᠤᠪᠢᠶᠠᠨ ᠶᠠᠪᠤᠭᠳᠠᠭᠤᠯᠪᠠ᠃ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠣᠯ ︽ᠬᠤᠶᠠᠷ ᠢ | ᠬᠥᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠪᠦᠲᠦᠮᠵᠢᠲᠡᠶ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠲᠣᠰ ᠠᠵᠢᠯᠯᠠᠭ᠎ᠠ ᠪᠠᠷ ᠳᠠᠮᠵᠢᠭᠤᠯᠤᠨ᠂ ᠨᠠᠩ ᠣᠯᠠᠨ ᠬᠡᠦᠬᠡᠳ ᠵᠠᠯᠠᠭᠤᠴᠤᠳ ᠪᠠᠭᠠᠴᠤᠳ ᠢ ᠤᠷᠢᠶᠠᠯᠠᠨ ᠳᠡᠭᠡᠰᠦ | ᠦᠰᠦᠷᠬᠦ ᠠᠵᠢᠯᠯᠠᠭ᠎ᠠ ᠳᠤ ᠣᠷᠣᠯᠴᠠᠭᠤᠯᠵᠤ᠂ ᠣᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ | ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠬᠦ ᠶᠢ ᠵᠣᠷᠢᠪᠠ᠃ |