4 ᠳ᠋ᠦ᠋ᠭᠡᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠪᠦᠬᠦ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ | ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠰᠢᠶᠠᠨ ᠤ ᠳᠠᠷᠤᠭ᠎ᠠ ᠬᠠᠳᠠ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ | ᠳᠠᠷᠤᠭ᠎ᠠ ᠯᠢ ᠮᠢᠨ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠢᠶᠠᠨ ᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᡁᠢ ᠵᠢᠶᠠᠨ | ᠭᠠᠩ᠂ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠵᠧᠨ ᠬᠤᠸᠠ᠂ ᠶᠦᠨ ᠰᠢᠶᠣᠣ ᠮᠢᠨ᠂ ᠵᠠᠩ ᠵᠢᠶᠧ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ | ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠬᠦᠶ ᠭᠦᠸᠧ ᠰᠢᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠵᠢᠴᠢ ᠰᠢᠶᠠᠨ ᠤ | ᠬᠡᠪᠴᠢᠶᠡᠨ ᠤ ᠡᠯ᠎ᠡ ᠬᠠᠮᠢᠶᠠᠷᠤᠯᠲᠠ ᠶᠢᠨ ᠥᠷᠲᠡᠭᠡᠨ ᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | ᠬᠤᠷᠠᠯ ᠠᠴᠠ ᠦᠴᠦᠸᠠᠨ ᠰᠢᠶᠠᠨ ᠤ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠵᠢᠴᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ | ᠰᠢᠨ᠎ᠡ ᠵᠠᠭᠪᠤᠷ ᠢ ᠡᠭᠦᠳᠦᠨ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠥᠭᠬᠦ ᠰᠢᠯᠭᠠᠨ ᠬᠢᠨᠠᠬᠤ ᠠᠷᠭ᠎ᠠ ᠶᠢ ᠲᠣᠭᠲᠠᠭᠠᠨ᠂ ᠰᠢᠯᠭᠠᠨ | ᠬᠢᠨᠠᠬᠤ ᠲᠣᠭᠲᠠᠴᠠ ᠶᠢ ᠪᠠᠶᠢᠭᠤᠯᠵᠤ᠂ ᠲᠣᠰᠬᠤᠨ ᠤ ︽ᠬᠤᠶᠠᠷ ᠵᠥᠪᠯᠡᠯ︾ ᠪᠣᠯᠣᠨ ᠣᠯᠠᠨ ᠲᠦᠮᠡᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ | ᠪᠠᠳᠠᠷᠠᠭᠤᠯᠬᠤ ᠶᠢᠨ ᠬᠠᠮᠲᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠬᠦᠴᠦᠨ ᠢᠶᠠᠨ ᠲᠡᠭᠦᠯᠳᠡᠷᠵᠢᠭᠦᠯᠦᠨ᠂ ᠬᠠᠤᠯᠢ | ᠬᠡᠷᠡᠭᠵᠢᠭᠦᠯᠬᠦ ᠤᠳᠠᠭ᠎ᠠ ᠶᠢ ᠳᠡᠭᠡᠭᠰᠢᠯᠡᠭᠦᠯᠵᠦ᠂ ᠬᠦᠳᠦᠯᠦᠨ ᠵᠢᠯᠤᠭᠤᠳᠬᠤ ᠪᠠ ᠬᠢᠵᠠᠭᠠᠷᠯᠠᠨ ᠬᠤᠷᠢᠭᠯᠠᠬᠤ ᠶᠢ ᠤᠶᠠᠯᠳᠤᠭᠤᠯᠵᠤ᠂ ᠰᠢᠯᠭᠠᠨ ᠬᠢᠨᠠᠬᠤ | ᠲᠣᠭᠲᠠᠴᠠ ᠶᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠳᠤᠮᠳᠠ ᠵᠥᠪ ᠴᠢᠭᠯᠡᠯ ᠢᠶᠠᠷ ᠤᠷᠮᠠᠰᠢᠭᠤᠯᠬᠤ ᠦᠢᠯᠡᠳᠦᠯ ᠪᠠᠳᠠᠷᠠᠭᠤᠯᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠡᠯᠴᠢᠭᠡᠷᠯᠡᠭᠦᠯᠬᠦ ᠶᠢ ᠴᠠᠭᠠᠵᠠᠯᠠᠬᠤ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠶᠢᠨ ᠴᠢᠬᠤᠯᠠ ᠠᠴᠢ ᠬᠤᠯᠪᠣᠭᠳᠠᠯ᠂ ᠬᠠᠮᠢᠶ᠎ᠠ ᠪᠦᠬᠦᠢ ᠬᠠᠤᠯᠢ ᠲᠣᠭᠲᠠᠭᠠᠯ᠂ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ᠂ ᠪᠡᠯᠴᠢᠭᠡᠷᠯᠡᠭᠦᠯᠬᠦ ᠶᠢ | ᠴᠠᠭᠠᠵᠠᠯᠠᠬᠤ ᠳᠦᠷᠢᠮ ᠳᠤ ᠲᠠᠶᠢᠯᠤᠮᠵᠢ ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠡᠷᠤᠬᠡ ᠪᠣᠯᠭᠠᠨ ᠳᠤ ᠮᠡᠳᠡᠭᠦᠯᠵᠦ᠂ ᠤᠯᠠᠨ ᠲᠦᠮᠡᠨ ᠤ | ᠪᠡᠯᠴᠢᠭᠡᠷᠯᠡᠭᠦᠯᠬᠦ ᠶᠢ ᠴᠠᠭᠠᠵᠠᠯᠠᠬᠤ ᠲᠤᠬᠠᠢ ᠣᠶᠢᠯᠠᠭᠠᠬᠤ ᠬᠡᠮᠵᠢᠶ᠎ᠡ ᠪᠣᠯᠣᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠶᠣᠰᠣ ᠤᠴᠢᠷ ᠢ ᠣᠶᠢᠯᠠᠭᠠᠵᠤ᠂ | ᠰᠡᠳᠬᠢᠯᠭᠡ ᠪᠠᠷ ᠢᠶᠠᠨ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠡᠯᠴᠢᠭᠡᠷᠯᠡᠭᠦᠯᠬᠦ ᠶᠢ ᠴᠠᠭᠠᠵᠠᠯᠠᠬᠤ ᠶᠢ ᠤᠬᠠᠮᠰᠠᠷᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠬᠡᠷᠡᠭᠲᠡᠢ ᠭᠡᠵᠡᠢ᠃ |