ᠪᠤᠤ ᠭᠠᠩ ᠪᠧᠨ ᠶᠤᠸᠠᠨ ᠺᠸᠠᠨ᠋ᠲ ᠤᠨ ᠶᠡᠷᠦᠩᠬᠡᠢ ᠳᠠᠭᠠᠭᠠᠮᠠᠯ ᠵᠠᠩ ᠬᠤᠢ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/11
       ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 10  ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠪᠧᠨ ᠶᠤᠸᠠᠨ ᠺᠸᠠᠨ᠋ᠲ ᠤᠨ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ︵ᠾᠧᠹᠧᠢ︶ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠬᠤᠢ ᠨᠠᠷ ᠲᠠᠢ ᠠᠭᠤᠯᠵᠠᠪᠠ᠃        ᠪᠤᠤ ᠭᠠᠩ ᠵᠠᠩ ᠬᠤᠢ ᠨᠠᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ ᠬᠡᠯᠡᠬᠦ ᠳᠡᠭᠡᠨ᠂ ᠺᠸᠠᠨ᠋ᠲ ᠤᠨ ᠰᠢᠨᠵᠢᠯᠡᠬᠦ ᠤᠬᠠᠭᠠᠨ ᠮᠡᠷᠭᠡᠵᠢᠯ ᠨᠢ ᠤᠯᠤᠰ ᠤᠨ ᠪᠠᠶᠢᠯᠳᠤᠬᠤ ᠪᠣᠳᠣᠯᠭ᠎ᠠ ᠲᠠᠢ ᠬᠤᠯᠪᠣᠭᠳᠠᠵᠤ᠂ ᠢᠷᠡᠭᠡᠳᠦᠢ ᠶᠢᠨ ᠤᠯᠤᠰ ᠤᠨ ᠴᠢᠬᠤᠯᠠ ᠵᠦᠢᠯ ᠪᠣᠯᠣᠨ᠎ᠠ᠃ ᠣᠳᠣᠬᠠᠨ ᠳᠤ ᠣᠷᠣᠨ ᠤ ᠲᠥᠪ ᠬᠤᠲᠠ ᠶᠠᠭ ᠪᠣᠬᠢᠷᠲᠤᠯ ᠦᠭᠡᠢ ᠪᠣᠳᠣᠯᠭ᠎ᠠ ᠶᠢᠨ ᠬᠦᠴᠦᠨ ᠤ ᠲᠥᠪ ᠪᠠ ᠤᠯᠤᠰ ᠤᠨ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠬᠤ ᠶᠢᠨ ᠲᠣᠭᠤᠷᠢᠨ ᠳᠤ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂  ᠪᠤᠳᠤᠯᠭ᠎ᠠ ᠶᠢᠨ  ᠬᠦᠴᠦᠨ ᠤ ᠰᠠᠭᠤᠷᠢ ᠶᠢ ᠲᠠᠰᠤᠷᠠᠯᠲᠠ ᠦᠭᠡᠢ ᠪᠠᠲᠤᠳᠬᠠᠨ᠂ ᠳᠡᠭᠡᠳᠦ ᠤᠷᠤᠰᠬᠠᠯ ᠤᠨ ᠪᠤᠳᠤᠯᠭ᠎ᠠ ᠶᠢᠨ  ᠬᠦᠴᠦᠨ ᠤ ᠲᠥᠬᠦᠭᠡᠷᠦᠮᠵᠢ ᠦᠢᠯᠡᠳᠬᠦ᠂ ᠳᠣᠣᠷᠠᠳᠤ ᠤᠷᠤᠰᠬᠠᠯ ᠤᠨ ᠬᠢᠮᠡᠯ ᠤᠶᠤᠨ ᠤ ᠲᠣᠮᠣ ᠵᠠᠭᠪᠤᠷ ᠤᠨ ᠪᠣᠯᠪᠠᠰᠤᠷᠠᠭᠤᠯᠤᠯ᠂ ᠪᠤᠳᠤᠬᠤ ᠠᠷᠭ᠎ᠠ ᠶᠢᠨ ᠨᠡᠪᠴᠢᠭᠦᠯᠦᠯᠲᠡ᠂ ᠲᠤᠭ᠎ᠠ ᠪᠠᠷᠢᠮᠲᠠ ᠶᠢᠨ ᠪᠣᠯᠪᠠᠰᠤᠷᠠᠭᠤᠯᠤᠯᠲᠠ ᠲᠥᠪᠯᠡᠷᠡᠭᠰᠡᠨ ᠠᠵᠤ ᠦᠢᠯᠡᠰ ᠤᠨ ᠠᠮᠢ ᠠᠬᠤᠢ ᠶᠢ ᠢᠳᠡᠪᠬᠢᠲᠡᠢ ᠪᠠᠶᠢᠭᠤᠯᠵᠤ᠂ ᠺᠸᠠᠨ᠋ᠲ ᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠳᠦᠯᠭᠡ ᠶᠢᠨ ᠬᠡᠷᠡᠭᠯᠡᠭᠡᠨ ᠳᠤ ᠡᠯᠪᠡᠭ ᠳᠡᠯᠪᠡᠭ ᠠᠵᠤ ᠦᠢᠯᠡᠰ ᠤᠨ ᠬᠥᠷᠥᠰᠥ ᠰᠢᠷᠣᠢ ᠬᠠᠩᠭᠠᠵᠤ ᠴᠢᠳᠠᠨ᠎ᠠ᠃ ᠪᠧᠨ ᠶᠤᠸᠠᠨ ᠺᠸᠠᠨ᠋ᠲ ᠪᠣᠯ ᠤᠯᠤᠰ ᠤᠨ ᠳᠣᠲᠣᠭᠠᠳᠤ ᠶᠢᠨ ᠺᠸᠠᠨ᠋ᠲ ᠤᠨ ᠪᠣᠳᠣᠯᠭ᠎ᠠ ᠶᠢᠨ ᠲᠣᠯᠣᠭᠠᠶᠢᠯᠠᠭᠴᠢ ᠠᠵᠤ ᠠᠬᠤᠶᠢᠯᠠᠯ ᠪᠣᠯᠣᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ ᠢᠶᠠᠷ ᠴᠢᠩᠭ᠎ᠠ᠂ ᠮᠡᠷᠭᠡᠵᠢᠯ ᠤᠨ ᠳᠠᠪᠠᠭᠤᠯᠢᠭ ᠢᠶᠠᠷ ᠢᠯᠡᠷᠬᠡᠢ᠂ ᠠᠵᠤ ᠠᠬᠤᠶᠢᠯᠠᠯ ᠤᠨ ᠬᠢᠨ ᠬᠥᠬᠡᠬᠤᠲᠠ ᠳᠤ ᠺᠸᠠᠨ᠋ᠲ ᠤᠨ ᠲᠤᠭ᠎ᠠ ᠪᠠᠷᠢᠮᠲᠠ ᠶᠢᠨ ᠲᠥᠪ ᠢ ᠲᠥᠯᠥᠪᠵᠢᠭᠦᠯᠦᠨ ᠪᠠᠶᠢᠷᠢᠰᠢᠭᠤᠯᠵᠤ᠂ ᠨᠡᠶᠢᠳᠡᠮ ᠬᠡᠷᠡᠭᠯᠡᠬᠦ ᠪᠣᠳᠣᠯᠭ᠎ᠠ᠂ ᠣᠶᠤᠨᠲᠤ ᠪᠣᠳᠣᠯᠭ᠎ᠠ᠂ ᠬᠡᠳᠦ ᠳᠡᠰ ᠤᠨ ᠪᠣᠳᠣᠯᠭ᠎ᠠ ᠪᠣᠯᠣᠨ ᠺᠸᠠᠨ᠋ᠲ ᠤᠨ ᠪᠣᠳᠣᠯᠭ᠎ᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠺᠸᠠᠨ᠋ᠲ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠮᠡᠯ ᠤᠶᠤᠨ᠂ ᠮᠥᠩᠭᠦᠨ ᠭᠦᠢᠯᠭᠡᠭᠡ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠬᠦᠷᠢᠶᠡᠨ ᠳᠠᠬᠢ ᠬᠡᠷᠡᠭᠯᠡᠭᠡᠨ ᠤ ᠠᠬᠤᠢ ᠶᠢ ᠢᠳᠡᠪᠬᠢᠲᠡᠢ ᠥᠷᠭᠡᠳᠬᠡᠵᠦ᠂ ᠣᠷᠣᠨ ᠤ ᠲᠥᠪ ᠬᠤᠲᠠ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠲᠦᠷᠭᠡᠳᠬᠡᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃       ᠵᠠᠩ ᠬᠤᠢ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠪᠧᠨ ᠶᠤᠸᠠᠨ ᠺᠸᠠᠨ᠋ᠲ ᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠪᠢᠳᠡ ᠪᠧᠨ ᠶᠤᠸᠠᠨ ᠺᠸᠠᠨ᠋ᠲ ᠤᠨ ᠮᠠᠰᠢ ᠣᠯᠠᠨ ᠬᠠᠮᠲᠤᠷᠠᠯᠴᠠᠭᠠᠨ ᠤ ᠬᠠᠨᠢᠲᠠᠨ ᠬᠥᠬᠡᠬᠤᠲᠠ ᠳᠤ ᠬᠥᠭᠵᠢᠬᠦ ᠶᠢ ᠰᠣᠩᠭᠤᠭᠰᠠᠨ ᠢ ᠣᠯᠵᠤ ᠬᠠᠷᠠᠭᠠᠳ᠂ ᠣᠷᠣᠨ ᠤ ᠲᠥᠪ ᠬᠤᠲᠠ ᠶᠢᠨ ᠪᠤᠳᠤᠯᠭ᠎ᠠ ᠶᠢᠨ ᠬᠦᠴᠦᠨ ᠤ ᠠᠵᠤ ᠦᠢᠯᠡᠰ ᠤᠨ ᠬᠥᠭᠵᠢᠯᠲᠡ ᠶᠢᠨ ᠲᠦᠷᠭᠡᠨ ᠬᠠᠨᠳᠤᠰᠢ ᠪᠠ ᠥᠷᠭᠡᠨ ᠳᠡᠯᠭᠡᠷ ᠬᠡᠷᠡᠭᠯᠡᠭᠡᠨ ᠤ ᠪᠠᠶᠢᠳᠠᠯ ᠢ ᠭᠦᠨᠵᠡᠭᠡᠢ ᠤᠶᠢᠯᠠᠭᠠᠵᠠᠢ᠃ ᠪᠧᠨ ᠶᠤᠸᠠᠨ ᠺᠸᠠᠨ᠋ᠲ ᠤᠨ ᠬᠢᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠠᠵᠢᠯ ᠲᠦᠷᠦᠯ ᠤᠨ ᠬᠠᠨᠢᠲᠠᠨ ᠢᠶᠠᠨ ᠳᠠᠶᠢᠴᠢᠯᠠᠨ ᠺᠸᠠᠨ᠋ᠲ ᠤᠨ ᠪᠣᠳᠣᠯᠭ᠎ᠠ ᠶᠢ ᠬᠥᠬᠡᠬᠤᠲᠠ ᠳᠤ ᠬᠡᠷᠡᠭᠯᠡᠵᠦ ᠤᠯᠠᠷᠢᠭᠤᠯᠬᠤ ᠶᠢ ᠬᠠᠮᠲᠤᠪᠠᠷ ᠠᠬᠢᠭᠤᠯᠵᠤ᠂ ᠣᠷᠣᠨ ᠤ ᠲᠥᠪ ᠬᠤᠲᠠ ᠶᠢᠨ ᠢᠷᠡᠭᠡᠳᠦᠢ ᠶᠢᠨ ᠠᠵᠤ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃       ᠬᠤᠳᠠ ᠶᠢᠨ ᠤᠳᠤᠷᠢᠳᠤᠯᠭ᠎ᠠ ᠯᠢᠦ ᠵᠢᠢ ᠶᠢᠩ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ