ᠬᠥᠬᠡᠬᠤᠲᠠ ᠶᠢᠨ ᠮᠦᠽᠧᠢ ᠵᠢᠩᠬᠢᠨᠢ ᠪᠠᠷ ᠣᠯᠠᠨ ᠤᠯᠤᠰ ᠤᠨ ᠮᠦᠽᠧᠢ ᠶᠢᠨ ᠨᠡᠶᠢᠭᠡᠮᠯᠢᠭ ᠤᠨ ᠪᠦᠯᠬᠦᠮ ᠤᠨ ᠭᠡᠰᠢᠭᠦᠨ ᠪᠣᠯᠪᠠ
ᠨᠡᠶᠢᠲᠡᠯᠡᠭᠰᠡᠨ ᠴᠠᠭ᠄
2024/4/11
      ︵ᠳᠠᠳᠤᠯᠭ᠎ᠠ ᠶᠢᠨ ᠰᠤᠷᠪᠤᠯᠵᠢᠯᠠᠭᠴᠢ ᠷᠦᠸᠧ ᠬᠥ᠋︶ ᠣᠶᠢᠷ᠎ᠠ ᠳᠤ᠂ ᠳᠤᠮᠳᠠᠳᠤ ᠤᠯᠤᠰ ᠤᠨ ᠮᠦᠽᠧᠢ ᠶᠢᠨ ᠨᠡᠶᠢᠭᠡᠮᠯᠢᠭ ᠤᠨ ᠬᠢᠨᠠᠨ ᠵᠥᠪᠯᠡᠵᠦ ᠵᠥᠪᠰᠢᠶᠡᠷᠡᠬᠦ ᠪᠠᠷ ᠳᠠᠮᠵᠢᠨ᠂ ᠬᠥᠬᠡᠬᠤᠲᠠ ᠶᠢᠨ ᠮᠦᠽᠧᠢ ᠣᠯᠠᠨ ᠤᠯᠤᠰ ᠤᠨ ᠮᠦᠽᠧᠢ ᠶᠢᠨ ᠨᠡᠶᠢᠭᠡᠮᠯᠢᠭ ᠲᠤ ᠵᠢᠩᠬᠢᠨᠢ ᠪᠠᠷ ᠣᠷᠣᠵᠤ᠂ ᠣᠲᠣ ᠨᠢᠭᠡᠨᠲᠡ ᠣᠯᠠᠨ ᠤᠯᠤᠰ ᠤᠨ ᠮᠦᠽᠧᠢ ᠶᠢᠨ ᠨᠡᠶᠢᠭᠡᠮᠯᠢᠭ ᠤᠨ ᠪᠦᠯᠬᠦᠮ ᠤᠨ ᠭᠡᠰᠢᠭᠦᠨ ᠪᠣᠯᠤᠭᠰᠠᠨ ᠪᠠᠶᠢᠨ᠎ᠠ᠃       ᠣᠶᠢᠯᠠᠭᠠᠭᠰᠠᠨ ᠢᠶᠠᠷ᠂ ᠣᠯᠠᠨ ᠤᠯᠤᠰ ᠤᠨ ᠮᠦᠽᠧᠢ ᠶᠢᠨ ᠨᠡᠶᠢᠭᠡᠮᠯᠢᠭ 1946 ᠣᠨ ᠳᠤ ᠪᠠᠶᠢᠭᠤᠯᠤᠭᠳᠠᠵᠠᠢ᠂ ᠶᠡᠷᠦᠩᠬᠡᠢ ᠵᠠᠬᠢᠷᠭ᠎ᠠ ᠶᠢ ᠹᠷᠠᠨᠼᠢ ᠶᠢᠨ ᠫᠠᠷᠢᠰ ᠤᠨ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠳᠤ ᠪᠠᠶᠢᠷᠢᠯᠠᠭᠤᠯᠵᠤ᠂ ᠪᠥᠬᠦ ᠳᠡᠯᠡᠬᠡᠢ ᠶᠢᠨ ᠮᠦᠽᠧᠢ ᠪᠣᠯᠣᠨ ᠮᠦᠽᠧᠢ ᠶᠢᠨ ᠲᠤᠰᠬᠠᠢ ᠮᠡᠷᠭᠡᠵᠢᠯ ᠤᠨ ᠠᠵᠢᠯᠲᠠᠳ ᠲᠠᠢ ᠬᠤᠯᠪᠤᠭᠠᠯᠠᠨ᠂ ᠳᠡᠯᠡᠬᠡᠢ ᠶᠢᠨ ᠪᠠᠶᠢᠭᠠᠯᠢ ᠪᠣᠯᠣᠨ ᠰᠣᠶᠣᠯ ᠤᠨ ᠥᠪ ᠢ ᠰᠤᠳᠤᠯᠵᠤ᠂ ᠬᠠᠮᠠᠭᠠᠯᠠᠵᠤ᠂ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠳᠤ ᠲᠦᠭᠡᠮᠡᠯᠵᠢᠭᠦᠯᠬᠦ ᠡᠭᠦᠷᠭᠡ ᠲᠠᠢ᠃  ᠲᠡᠷᠡ ᠨᠢ ᠮᠦᠽᠧᠢ ᠶᠢᠨ ᠦᠢᠯᠡᠰ ᠤᠨ ᠬᠢᠨ ᠤ ᠴᠣᠷ ᠤᠨ ᠭᠠᠭᠴᠠ ᠪᠥᠬᠦ ᠪᠥᠮᠪᠥᠷᠴᠡᠭ ᠤᠨ ᠴᠢᠨᠠᠷᠲᠠᠢ ᠵᠣᠬᠢᠶᠠᠨ ᠪᠠᠶᠢᠭᠤᠯᠤᠯᠲᠠ ᠪᠥᠭᠡᠳ ᠳᠡᠯᠡᠬᠡᠢ ᠳᠡᠭᠡᠷᠡᠬᠢ ᠴᠣᠷ ᠤᠨ ᠭᠠᠭᠴᠠ ᠮᠦᠽᠧᠢ ᠪᠠ ᠮᠦᠽᠧᠢ ᠶᠢᠨ ᠲᠤᠰᠬᠠᠢ ᠮᠡᠷᠭᠡᠵᠢᠯᠲᠡᠨ ᠢ ᠲᠥᠯᠥᠭᠡᠯᠡᠵᠦ ᠪᠠᠶᠢᠭ᠎ᠠ ᠵᠠᠰᠠᠭ ᠤᠨ ᠣᠷᠳᠣᠨ ᠤ ᠪᠤᠰᠤ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ᠎ᠠ᠃       ᠣᠶᠢᠷ᠎ᠠ ᠶᠢᠨ ᠵᠢᠯ ᠤᠨ ᠲᠤᠷᠰᠢ᠂ ᠬᠥᠬᠡᠬᠤᠲᠠ ᠶᠢᠨ ᠮᠦᠽᠧᠢ ᠶᠢᠨ ᠬᠢᠨ ︽ᠠᠷᠠᠳ ᠲᠦᠮᠡᠨ ᠤ ᠰᠡᠳᠬᠢᠯ ᠵᠢᠷᠦᠬᠡᠨ ᠳᠤ ᠳᠤᠯᠠᠭᠠᠬᠠᠨ ᠴᠢᠨᠠᠷᠯᠢᠭ ᠰᠣᠶᠣᠯ ᠤᠨ ᠵᠣᠴᠢᠨ ᠤ ᠲᠢᠩᠬᠢᠮ ᠪᠣᠯᠣᠨ ᠬᠥᠮᠦᠵᠢᠯ ᠦᠢᠯᠡᠳᠦᠯᠭᠡ ᠶᠢᠨ ᠴᠢᠬᠤᠯᠠ ᠵᠢᠭᠰᠠᠭᠠᠯ ᠤᠨ ᠭᠠᠵᠠᠷ ᠢ ᠪᠠᠶᠢᠭᠤᠯᠬᠤ︾ ᠬᠠᠷᠠᠯᠲᠠ ᠶᠢᠨ ᠲᠣᠭᠤᠷᠢᠨ ᠳᠤ ᠪᠦᠬᠦ ᠲᠠᠯ᠎ᠠ ᠪᠠᠷ ᠬᠦᠴᠦᠯᠡᠬᠦ ᠶᠢᠨ ᠬᠠᠮᠲᠤ᠂ ᠠᠯᠳᠠᠷᠰᠢᠯ ᠪᠣᠯᠣᠨ ᠨᠥᠯᠥᠭᠡᠯᠡᠬᠦ ᠬᠦᠴᠦᠨ ᠢᠶᠠᠨ ᠴᠢᠷᠮᠠᠶᠢᠨ ᠳᠡᠭᠡᠭᠰᠢᠯᠡᠭᠦᠯᠵᠡᠢ᠃ 2023 ᠣᠨ ᠳᠤ᠂ ᠬᠥᠬᠡᠬᠤᠲᠠ ᠶᠢᠨ ᠮᠦᠽᠧᠢ ᠶᠢ ᠲᠣᠭᠤᠷᠢᠨ ᠦᠵᠡᠭᠰᠡᠨ ᠪᠦᠬᠦ ᠬᠥᠮᠥᠨ ᠤ ᠲᠤᠭ᠎ᠠ 2019 ᠣᠨ ᠤ 65 ᠲᠦᠮᠡᠨ ᠬᠥᠮᠥᠨ ᠤᠳᠠᠭ᠎ᠠ ᠪᠠᠶᠢᠭᠰᠠᠨ ᠠᠴᠠ 124 ᠲᠦᠮᠡᠨ ᠬᠥᠮᠥᠨ ᠤᠳᠠᠭ᠎ᠠ ᠬᠦᠷᠴᠦ᠂ ᠨᠢᠭᠡ ᠲᠠᠬᠢᠨ ᠰᠢᠬᠠᠮ ᠨᠡᠮᠡᠭᠳᠡᠵᠡᠢ᠃ ᠰᠠᠶ᠋ᠢᠬᠠᠨ ᠥᠩᠭᠡᠷᠡᠭᠰᠡᠨ ᠬᠠᠩᠰᠢ ᠶᠢᠨ ᠠᠮᠠᠷᠠᠯᠲᠠ ᠶᠢᠨ ᠬᠤᠭᠤᠴᠠᠭᠠᠨ ᠳᠤ ᠵᠤᠭᠠᠴᠠᠭᠰᠠᠳ ᠢ 4.45 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠨᠢᠭᠡ ᠡᠳᠦᠷ ᠲᠤ 2 ᠲᠦᠮᠡ ᠰᠢᠬᠠᠮ ᠬᠥᠮᠥᠨ ᠤᠳᠠᠭ᠎ᠠ ᠬᠦᠯᠢᠶᠡᠨ ᠠᠪᠴᠤ ᠵᠣᠴᠢᠯᠠᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ