ᠮᠠᠨ ᠤ ᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ︽ᠤᠯᠤᠰ ᠤᠨ ᠠᠮᠤᠷ ᠲᠦᠪᠰᠢᠨ ᠨᠡᠷᠡᠮᠵᠢᠲᠦ︾ ᠭᠤᠣᠯ ᠰᠡᠳᠦᠪᠲᠦ ᠭᠠᠯᠲᠤ ᠲᠡᠷᠭᠡ ᠬᠥᠳᠡᠯᠪᠡ
ᠨᠡᠶᠢᠲᠡᠯᠡᠭᠰᠡᠨ ᠴᠠᠭ᠄
2024/4/11
ᠹᠠᠩ ᠢᠦᠢ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠪᠠ       ᠡᠨᠡ ᠵᠢᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠳᠤᠷᠠᠳᠤᠭᠰᠠᠨ 10 ᠵᠢᠯ ᠤᠨ ᠤᠢ ᠪᠣᠯᠣᠨ᠎ᠠ᠃ ᠥᠷᠭᠡᠨ ᠤᠯᠠᠨ ᠬᠤᠳᠠ ᠶᠢᠨ ᠠᠷᠠᠳ ᠢ ᠬᠥᠮᠥᠵᠢᠭᠦᠯᠦᠨ ᠬᠦᠲᠦᠯᠵᠤ ᠪᠠᠶᠢᠭᠠᠳ ᠤᠯᠤᠰ ᠤᠨ ᠠᠮᠤᠷ ᠲᠦᠪᠰᠢᠨ ᠢ ᠠᠩᠬᠠᠷᠴᠤ᠂ ᠤᠯᠤᠰ ᠤᠨ ᠠᠮᠤᠷ ᠲᠦᠪᠰᠢᠨ ᠤ ᠤᠬᠠᠮᠰᠠᠷ ᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠪᠦᠷᠬᠦᠴᠡ ᠶᠢ ᠥᠷᠭᠡᠳᠬᠡᠬᠦ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 10  ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠤᠨ ᠠᠮᠤᠷ ᠲᠦᠪᠰᠢᠨ ᠤ ᠠᠯᠪᠠᠨ ᠭᠡᠷ᠂ ᠬᠤᠳᠠ ᠶᠢᠨ ᠤᠯᠤᠰ ᠤᠨ ᠠᠮᠤᠷ ᠲᠦᠪᠰᠢᠨ ᠤ ᠲᠣᠪᠴᠢᠶ᠎ᠠ ᠬᠤᠳᠠ ᠶᠢᠨ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠲᠠᠢ ᠬᠠᠮᠲᠤᠷᠠᠨ ᠬᠥᠬᠡᠬᠤᠲᠠ ᠶᠢᠨ ᠭᠠᠵᠠᠷ ᠳᠣᠣᠷᠠᠬᠢ ᠲᠡᠮᠦᠷ ᠵᠠᠮ ᠤᠨ ᠨᠢᠭᠡᠳᠦᠭᠡᠷ ᠱᠤᠭᠤᠮ ᠳᠤ ︽ᠤᠯᠤᠰ ᠤᠨ ᠠᠮᠤᠷ ᠲᠦᠪᠰᠢᠨ ᠨᠡᠷᠡᠮᠵᠢᠲᠦ︾ ᠭᠤᠣᠯ ᠰᠡᠳᠦᠪᠲᠦ ᠭᠠᠯᠲᠤ ᠲᠡᠷᠭᠡ ᠬᠥᠳᠡᠯᠬᠦ ᠡᠬᠢᠯᠡᠯᠲᠡ ᠶᠢᠨ ᠶᠤᠰᠤᠯᠠᠯ ᠶᠠᠪᠤᠭᠤᠯᠪᠠ᠃       ᠬᠤᠲᠠ‌‍ᠶᠢᠨ‌ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ‌‍ᠶᠢᠨ ᠬᠤᠷᠢᠶᠠᠨ ᠤ ᠱᠦᠵᠢ ᠹᠠᠩ ᠢᠦᠢ ᠳ᠋ᠦᠩ ᠣᠷᠣᠯᠴᠠᠪᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠨ ᠳᠤᠷ᠎ᠠ ᠶᠢᠨ ᠠᠵᠢᠯᠯᠠᠭᠴᠢ ᠠᠶᠠᠨᠴᠢᠳ ᠲᠤ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ᠂ ᠵᠠᠪᠰᠠᠷᠳᠠᠭᠤᠯᠬᠤ ᠶᠢ ᠡᠰᠡᠷᠭᠦᠴᠡᠵᠦ ᠲᠠᠩᠨᠠᠭᠤᠯ ᠢ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠱᠠᠩᠨᠠᠯ ᠲᠠᠢ ᠮᠡᠳᠡᠯᠭᠡ ᠶᠢᠨ ᠠᠰᠠᠭᠤᠯᠲᠠ ᠬᠠᠷᠢᠭᠤᠯᠲᠠ ᠪᠣᠯᠣᠨ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠰᠢᠨ᠎ᠡ ᠶᠢ ᠡᠭᠦᠳᠴᠤ ᠬᠥᠲᠥᠯᠥᠨ ᠳᠠᠭᠠᠭᠤᠯᠤᠭᠰᠠᠨ 10 ᠵᠢᠯ ᠤᠨ ᠤᠢ︾ ᠶᠢᠨ ᠭᠠᠷ ᠤᠨ ᠦᠰᠦᠭ ᠵᠢᠷᠤᠬᠤ ᠠᠵᠢᠯᠯᠠᠭ᠎ᠠ ᠥᠷᠨᠢᠭᠦᠯᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ