ᠲᠠᠯ᠎ᠠ ᠨᠤᠲᠤᠭ ᠤᠨ ︽ᠰᠦ ᠶᠢᠨ ᠦᠨᠦᠷ︾ ᠲᠠᠢ ᠭᠠᠯᠲᠤ ᠲᠡᠷᠭᠡ ᠪᠥᠬᠦ ᠤᠯᠤᠰ ᠤᠨ ᠡᠯ᠎ᠡ ᠭᠠᠵᠠᠷ ᠢ ᠵᠦᠭᠯᠡᠯ᠎ᠡ
ᠨᠡᠶᠢᠲᠡᠯᠡᠭᠰᠡᠨ ᠴᠠᠭ᠄
2024/4/11
d90e065c-e7bf-4729-9232-b0258d2bfced.jpg
      ᠣᠶᠢᠷ᠎ᠠ ᠶᠢᠨ ᠬᠤᠭᠤᠴᠠᠭᠠᠨ ᠳᠤ᠂ ᠰᠦ ᠲᠡᠭᠡᠭᠡᠭᠰᠡᠨ ᠪᠠᠷᠠᠭᠠᠨ ᠤ ᠭᠠᠯᠲᠤ ᠲᠡᠷᠭᠡ ᠲᠠᠯ᠎ᠠ ᠨᠤᠲᠤᠭ ᠤᠨ ᠲᠡᠮᠦᠷ ᠵᠠᠮ ᠤᠨ ᠱᠤᠭᠤᠮ ᠢᠶᠠᠷ ᠳᠠᠪᠬᠢᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠦᠨᠢᠶᠡᠨ ᠰᠦ ᠶᠢ ᠪᠦᠬᠦ ᠤᠯᠤᠰ ᠤᠨ ᠡᠯ᠎ᠡ ᠭᠠᠵᠠᠷ ᠲᠤ ᠵᠥᠭᠡᠭᠡᠪᠦᠷᠢᠯᠡᠵᠦ ᠪᠠᠶᠢᠨ᠎ᠠ᠃ ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠬᠥᠬᠡᠬᠤᠲᠠ ᠶᠢᠨ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠲᠥᠪ ᠠᠴᠠ ᠡᠳᠦᠷ ᠪᠦᠷᠢ ᠳᠤᠮᠳᠠᠴᠢ ᠪᠠᠷ 68 ᠲᠡᠷᠭᠡ ᠦᠨᠢᠶᠡᠨ ᠰᠦ᠂ ᠰᠦᠨ ᠤᠮᠳᠠᠭᠠᠨ ᠵᠡᠷᠭᠡ ᠴᠠᠭᠠᠨ ᠢᠳᠡᠭᠡᠨ ᠤ ᠵᠦᠢᠯ ᠢ ᠨᠡᠶᠢᠲᠡ 18.93 ᠲᠦᠮᠡᠨ ᠲᠣᠨ ᠲᠡᠭᠡᠭᠡᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 12.7% ᠪᠠᠷ ᠨᠡᠮᠡᠭᠳᠡᠪᠡ᠃       ᠦᠨᠢᠶᠡᠨ ᠰᠦ ᠶᠢ ︽ᠴᠠᠭ ᠮᠥᠴᠡ ᠶᠢ ᠵᠠᠪᠳᠤᠵᠤ︾ ᠵᠥᠭᠡᠭᠡᠪᠦᠷᠢᠯᠡᠬᠦ ᠶᠢᠨ ᠲᠥᠯᠥᠭᠡ᠂ ᠬᠥᠬᠡᠬᠤᠲᠠ ᠶᠢᠨ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠲᠥᠪ ᠨᠢ ᠴᠠᠭᠠᠨ ᠢᠳᠡᠭᠡᠨ ᠤ ᠠᠵᠤ ᠠᠬᠤᠶᠢᠯᠠᠯ ᠯᠤᠭ᠎ᠠ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ᠂ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ᠂ ᠠᠵᠤ ᠠᠬᠤᠶᠢᠯᠠᠯ ᠤᠨ ᠦᠢᠯᠡᠳᠪᠦᠷᠢᠯᠡᠵᠦ ᠪᠣᠷᠣᠯᠠᠭᠤᠯᠵᠤ ᠲᠡᠭᠡᠭᠡᠪᠦᠷᠢᠯᠡᠵᠦ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠪᠠᠷᠠᠭᠠᠨ ᠤ ᠭᠦᠢᠯᠭᠡᠭᠡᠨ ᠤ ᠲᠥᠰᠥᠯ ᠢ ᠲᠣᠭᠲᠠᠭᠠᠨ᠂ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠲᠥᠯᠥᠪᠯᠡᠭᠡ ᠶᠢ ᠲᠡᠷᠢᠭᠦᠨ ᠳᠤ ᠲᠠᠯᠪᠢᠬᠤ᠂ ᠲᠡᠷᠭᠡ ᠲᠣᠬᠢᠷᠠᠭᠤᠯᠬᠤ ᠶᠢ ᠲᠡᠷᠢᠭᠦᠨ ᠳᠤ ᠲᠠᠯᠪᠢᠬᠤ᠂ ᠲᠡᠷᠭᠡᠨ ᠳᠤ ᠠᠴᠢᠶᠠᠯᠠᠬᠤ ᠶᠢ ᠲᠡᠷᠢᠭᠦᠨ ᠳᠤ ᠲᠠᠯᠪᠢᠬᠤ᠂ ᠳᠠᠭᠠᠯᠳᠤᠭᠤᠯᠤᠨ ᠲᠡᠭᠡᠭᠡᠪᠦᠷᠢᠯᠡᠬᠦ ᠶᠢ ᠲᠡᠷᠢᠭᠦᠨ ᠳᠤ ᠲᠠᠯᠪᠢᠬᠤ᠂ ᠶᠠᠪᠤᠭᠤᠯᠬᠤ ᠶᠢ ᠲᠡᠷᠢᠭᠦᠨ ᠳᠤ ᠲᠠᠯᠪᠢᠬᠤ ︽ᠲᠠᠪᠤ ᠶᠢ ᠲᠡᠷᠢᠭᠦᠨ ᠳᠤ ᠲᠠᠯᠪᠢᠬᠤ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠲᠡᠭᠡᠭᠡᠪᠦᠷᠢᠯᠡᠬᠦ᠂ ᠪᠠᠭᠤᠯᠭᠠᠬᠤ᠂ ᠲᠤᠬᠢᠷᠠᠭᠤᠯᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠥᠨᠳᠥᠷ ᠦᠷ᠎ᠡ ᠪᠦᠲᠦᠮᠵᠢᠲᠡᠶ ᠰᠠᠭᠠᠳ ᠦᠭᠡᠢ ᠶᠠᠪᠤᠭᠳᠠᠬᠤ ᠶᠢ ᠦᠨᠡᠨᠬᠦ ᠪᠠᠲᠤᠯᠠᠵᠤ ᠪᠠᠶᠢᠨ᠎ᠠ᠃      ᠰᠤᠷᠪᠤᠯᠵᠢᠯᠠᠭᠴᠢ ᠶᠦᠨ ᠶᠠᠨ ᠹᠠᠩ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ