ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯᠣᠨ ᠥᠪᠡᠷᠲᠡᠭᠡᠨ | ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ︽ᠬᠥᠮᠥᠨ ᠠᠮᠠ ᠶᠢᠨ ᠬᠤᠪᠢᠷᠠᠯᠲᠠ ᠶᠢᠨ | ᠪᠠᠶᠢᠳᠠᠯ ᠢ ᠥᠯᠢᠭᠡᠷ ᠠᠪᠴᠤ ᠪᠠᠶᠢᠴᠠᠭᠠᠬᠤ ᠳᠦᠷᠢᠮ ︵2023 ᠣᠨ ᠤ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ︶︾ ᠤᠨ ᠱᠠᠭᠠᠷᠳᠠᠯᠭ᠎ᠠ ᠶᠢ | ᠦᠨᠳᠦᠰᠦᠯᠡᠨ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ 2023 ᠣᠨ ᠤ ᠬᠥᠮᠥᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠥᠯᠢᠭᠡᠷ ᠠᠪᠴᠤ | ᠪᠠᠶᠢᠴᠠᠭᠠᠬᠤ ᠠᠵᠢᠯ ᠢ ᠥᠷᠨᠢᠭᠦᠯᠪᠡ᠃ 4 ᠳ᠋ᠦ᠋ᠭᠡᠷ ᠰᠠᠷ᠎ᠠ ᠶᠢᠨ 9 ᠤ ᠡᠳᠦᠷ᠂ 2023 ᠣᠨ ᠤ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ | ᠭᠤᠣᠯ ᠲᠤᠭ᠎ᠠ ᠪᠠᠷᠢᠮᠲᠠ ᠶᠢ ᠨᠡᠶᠢᠲᠡᠯᠡᠪᠡ᠃ | ᠪᠠᠶᠢᠩᠭᠤ ᠰᠠᠭᠤᠭ᠎ᠠ ᠬᠥᠮᠥᠨ ᠠᠮᠠ ᠶᠢᠨ ᠶᠡᠷᠦᠩᠬᠡᠢ ᠲᠤᠭ᠎ᠠ | 2023 ᠣᠨ ᠤ ᠡᠴᠦᠰ ᠲᠤ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ 360.41 ᠲᠦᠮᠡ᠂ 2022 ᠣᠨ ᠤ ᠡᠴᠦᠰ ᠤᠨ | ᠬᠢ ᠠᠴᠠ 5.30 ᠲᠦᠮᠡ ᠨᠡᠮᠡᠭᠳᠡᠨ᠂ 1.49% ᠪᠠᠷ ᠨᠡᠮᠡᠭᠳᠡᠵᠡᠢ᠃ | ᠬᠤᠲᠠ ᠬᠥᠳᠡᠭᠡ ᠶᠢᠨ ᠬᠥᠮᠥᠨ ᠠᠮᠠ ᠶᠢᠨ ᠪᠦᠲᠦᠴᠡ | ᠪᠥᠬᠦ ᠬᠤᠲᠠ ᠶᠢᠨ 2023 ᠣᠨ ᠤ ᠡᠴᠦᠰ ᠤᠨ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠬᠥᠮᠥᠨ ᠠᠮᠠ 290.93 ᠲᠦᠮᠡ᠂ 2022 ᠣᠨ ᠤ ᠡᠴᠦᠰ ᠤᠨ ᠬᠢ ᠠᠴᠠ 7.55 ᠲᠦᠮᠡ ᠨᠡᠮᠡᠭᠳᠡᠵᠡᠢ︔ ᠬᠥᠳᠡᠭᠡ ᠲᠣᠰᠬᠤᠨ ᠤ ᠪᠠᠶᠢᠩᠭᠤ ᠰᠠᠭᠤᠭ᠎ᠠ | ᠬᠥᠮᠥᠨ ᠠᠮᠠ 69.48 ᠲᠦᠮᠡ᠂ 2022 ᠣᠨ ᠤ ᠡᠴᠦᠰ ᠤᠨ ᠬᠢ ᠠᠴᠠ 2.25 ᠲᠦᠮᠡ ᠪᠠᠭᠠᠰᠪᠠ᠃ ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ | ᠪᠠᠯᠭᠠᠰᠤᠵᠢᠯᠲᠠ ᠶᠢᠨ ᠨᠣᠷᠮ᠎ᠠ 80.72% ᠬᠦᠷᠴᠦ᠂ 2022 ᠣᠨ ᠤ ᠬᠢ ᠠᠴᠠ 0.92 ᠵᠠᠭᠤᠨ ᠤ ᠨᠢᠭᠡᠴᠢ ᠳᠡᠭᠡᠭᠰᠢᠯᠡᠵᠡᠢ᠃ | ᠨᠠᠰᠤᠨ ᠤ ᠪᠦᠲᠦᠴᠡ | ᠪᠥᠬᠦ ᠬᠤᠲᠠ ᠶᠢᠨ 2023 ᠣᠨ ᠤ ᠡᠴᠦᠰ ᠤᠨ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ 0 ︱ 14 ᠨᠠᠰᠤᠨ ᠤ ᠬᠥᠮᠥᠨ ᠠᠮᠠ 46. | 61 ᠲᠦᠮᠡ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ 12.93% ᠶᠢ ᠡᠵᠡᠯᠡᠪᠡ︔ 15 ︱ 64 ᠨᠠᠰᠤᠨ ᠤ ᠬᠥᠮᠥᠨ ᠠᠮᠠ 261. | 39 ᠲᠦᠮᠡ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ 72.53% ᠶᠢ ᠡᠵᠡᠯᠡᠪᠡ︔ 65 ᠨᠠᠰᠤ ᠵᠢᠴᠢ ᠲᠡᠭᠦᠨ ᠠᠴᠠ ᠳᠡᠭᠡᠭᠰᠢ | ᠨᠠᠰᠤᠨ ᠤ ᠬᠥᠮᠥᠨ ᠠᠮᠠ 52.41 ᠲᠦᠮᠡ᠂ ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ 14.54% ᠶᠢ ᠡᠵᠡᠯᠡᠪᠡ᠃ | ᠬᠦᠢᠰᠦ ᠶᠢᠨ ᠪᠦᠲᠦᠴᠡ | ᠪᠥᠬᠦ ᠬᠤᠲᠠ ᠶᠢᠨ 2023 ᠣᠨ ᠤ ᠡᠴᠦᠰ ᠤᠨ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠡᠷᠡᠭᠲᠡᠢ ᠬᠥᠮᠥᠨ ᠠᠮᠠ 183.00 ᠲᠦᠮᠡ᠂ | ᠪᠥᠬᠦ ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ 50.78% ᠶᠢ ᠡᠵᠡᠯᠡᠪᠡ︔ ᠡᠮᠡᠭᠲᠡᠢ ᠬᠥᠮᠥᠨ ᠠᠮᠠ 177.41 ᠲᠦᠮᠡ᠂ ᠪᠥᠬᠦ | ᠬᠤᠲᠠ ᠶᠢᠨ ᠪᠠᠶᠢᠩᠭᠤ ᠰᠠᠭᠤᠭ᠎ᠠ ᠬᠥᠮᠥᠨ ᠠᠮᠠ ᠶᠢᠨ 49.22% ᠢ ᠡᠵᠡᠯᠡᠪᠡ᠃ ᠬᠦᠢᠰᠦ ᠶᠢᠨ ᠬᠠᠷᠢᠴᠠᠯ ︵ᠡᠮᠡᠭᠲᠡᠢ ᠬᠥᠮᠥᠨ ᠢ 100 ᠭᠡᠵᠦ᠂ ᠡᠷᠡᠭᠲᠡᠢ | ᠬᠥᠮᠥᠨ ᠤ ᠡᠮᠡᠭᠲᠡᠢ ᠬᠥᠮᠥᠨ ᠳᠠᠬᠢ ᠬᠠᠷᠢᠴᠠᠯ︶ ᠨᠢ 103.15᠂ 2022 ᠣᠨ ᠤ ᠬᠢ ᠠᠴᠠ 1.28 ᠨᠡᠮᠡᠭᠳᠡᠵᠡᠢ᠃ | ᠠᠶᠠᠨᠳᠠᠭᠠᠨ ᠨᠡᠮᠡᠭᠳᠡᠭᠰᠡᠨ ᠬᠥᠮᠥᠨ ᠠᠮᠠ | ᠪᠥᠬᠦ ᠬᠤᠲᠠ ᠶᠢᠨ 2023 ᠣᠨ ᠤ ᠡᠴᠦᠰ ᠤᠨ ᠪᠠᠶᠢᠩᠭᠤ ᠰᠠᠭᠤᠭ᠎ᠠ ᠬᠥᠮᠥᠨ ᠠᠮᠠ ᠶᠢᠨ ᠳᠣᠲᠣᠷ᠎ᠠ᠂ ᠲᠥᠷᠥᠭᠰᠡᠨ ᠬᠥᠮᠥᠨ ᠠᠮᠠ 2.00 ᠲᠦᠮᠡ᠂ | ᠬᠥᠮᠥᠨ ᠠᠮᠠ ᠶᠢᠨ ᠳᠦᠷᠦᠯᠲᠡ ᠶᠢᠨ ᠨᠣᠷᠮ᠎ᠠ 5.58‰ ᠪᠣᠯᠪᠠ︔ ᠦᠬᠦᠭᠰᠡᠨ ᠬᠥᠮᠥᠨ ᠠᠮᠠ 2.27 ᠲᠦᠮᠡ ᠂ ᠬᠥᠮᠥᠨ ᠠᠮᠠ ᠶᠢᠨ ᠦᠬᠦᠯᠲᠡ ᠶᠢᠨ | ᠨᠤᠷᠮ᠎ᠠ 6.34‰ ᠳᠤ ᠬᠦᠷᠴᠡᠢ︔ ᠬᠥᠮᠥᠨ ᠠᠮᠠ ᠶᠢᠨ ᠠᠶᠠᠨᠳᠠᠭᠠᠨ ᠨᠡᠮᠡᠭᠳᠡᠭᠰᠡᠨ ᠨᠤᠷᠮ᠎ᠠ -1.06‰ ᠪᠣᠯᠵᠠᠢ᠃ |