ᠪᠤᠤ ᠭᠠᠩ ᠡᠮ ᠡᠮᠨᠡᠯᠭᠡ ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠠᠬᠤ ᠳᠠᠭᠠᠨ ᠴᠢᠬᠤᠯᠠᠴᠢᠯᠠᠭᠰᠠᠨ ᠨᠢ  ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠣᠳᠠᠲᠠᠢ ᠴᠢᠩᠭ᠎ᠠ ᠠᠳᠬᠤᠵᠤ  ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠦᠯᠵᠢᠯᠡᠨ ᠨᠡᠮᠡᠭᠳᠡᠭᠦᠯᠵᠦ  ᠣᠷᠣᠨ ᠪᠦᠰᠡ ᠶᠢᠨ ᠡᠮ ᠡᠮᠨᠡᠯᠭᠡ ᠶᠢᠨ ᠲᠥᠪ ᠢ ᠪᠦᠬᠦ ᠬᠦᠴᠦᠨ ᠢᠶᠠᠷ ᠪᠦᠲᠦᠭᠡᠨ ᠪᠠᠶᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2024/4/12
      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠮᠠᠨ ᠤ ᠬᠤᠲᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠪᠤᠤ ᠭᠠᠩ ᠴᠡᠯᠡᠭᠡᠷ ᠲᠠᠯ᠎ᠠ ᠡᠮᠨᠡᠯᠭᠡ ᠶᠢᠨ ᠬᠤᠷᠢᠶ᠎ᠠ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ︵ᠬᠤᠶᠠᠳᠤᠭᠠᠷ ᠬᠤᠭᠤᠴᠠᠭ᠎ᠠ︶᠂ ᠰᠢᠨ᠎ᠡ ᠬᠤᠳᠠ ᠲᠣᠭᠤᠷᠢᠭ ᠤᠨ ᠡᠮᠨᠡᠯᠭᠡ ᠶᠢᠨ ᠬᠤᠷᠢᠶ᠎ᠠ ᠶᠢ ᠨᠡᠭᠦᠯᠭᠡᠨ ᠪᠠᠶᠢᠭᠤᠯᠬᠤ ᠵᠡᠷᠭᠡ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠦᠬᠦᠯᠢ ᠴᠣᠭᠴᠠ ᠶᠢᠨ ᠲᠥᠯᠦᠪᠵᠢᠭᠦᠯᠭᠡ᠂ ᠭᠠᠷ ᠭᠦᠢᠴᠡᠳᠬᠡᠯ᠂ ᠪᠦᠲᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃        ᠪᠤᠤ ᠭᠠᠩ ᠴᠢᠬᠤᠯᠠᠴᠢᠯᠠᠭᠰᠠᠨ ᠨᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠪᠣᠯ ᠬᠤᠳᠠ ᠶᠢᠨ ᠬᠥᠭᠵᠢᠯᠲᠡ ᠳᠤ ᠱᠠᠭᠠᠷᠳᠠᠭᠳᠠᠬᠤ ᠠᠷᠠᠳ ᠤᠯᠠᠨ ᠤ ᠬᠦᠰᠡᠨ ᠡᠷᠡᠮᠡᠯᠵᠡᠵᠦ ᠪᠠᠶᠢᠭ᠎ᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ᠂ ᠪᠠᠰᠠ ᠴᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠡᠮ ᠡᠮᠨᠡᠯᠭᠡ ᠶᠢᠨ ᠲᠥᠪ ᠢ ᠲᠦᠷᠭᠡᠳᠬᠡᠨ ᠪᠠᠶᠢᠭᠤᠯᠬᠤ ᠪᠣᠳᠠᠲᠤ ᠠᠵᠢᠯᠯᠠᠭ᠎ᠠ ᠪᠣᠯᠣᠨ᠎ᠠ᠃ ᠲᠦᠷᠦᠯ ᠵᠦᠢᠯ ᠤᠨ ᠨᠢᠭᠡᠴᠢ ᠡᠷᠬᠡᠪᠰᠢ ᠪᠤᠰᠢᠭᠤ ᠱᠠᠯᠠᠮᠠᠭᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠦᠴᠦᠨ ᠵᠦᠢᠯ ᠤᠨ ᠪᠠᠲᠤᠯᠭ᠎ᠠ ᠶᠢᠨ ᠡᠷᠴᠢᠮ ᠢ ᠴᠢᠩᠭᠠᠷᠠᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠵᠢᠭᠠᠬᠠᠨ ᠬᠠᠷᠰᠢ ᠰᠠᠭᠠᠳ ᠲᠤ ᠤᠴᠠᠷᠠᠪᠠᠯ  ᠤᠳᠠᠭᠠᠰᠢᠷᠠᠭᠤᠯᠤᠨ᠂ ᠵᠣᠭᠰᠣᠭᠠᠵᠤ᠂ ᠰᠢᠵᠢᠷ ᠠᠯᠳᠠᠨ ᠪᠠᠷᠢᠯᠭ᠎ᠠ ᠶᠢᠨ ᠬᠤᠭᠤᠴᠠᠭ᠎ᠠ ᠶᠢ ᠰᠠᠭᠠᠲᠠᠭᠠᠵᠤ ᠪᠣᠯᠬᠤ ᠦᠭᠡᠢ᠃ ᠡᠮ ᠡᠮᠨᠡᠯᠭᠡ ᠶᠢᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠨᠠᠷᠢᠨ ᠨᠢᠮᠪᠠᠢ ᠲᠥᠯᠥᠪᠵᠢᠭᠦᠯᠵᠦ᠂ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠳᠠᠪᠠᠭᠤᠯᠢᠭ ᠢᠶᠠᠷ ᠲᠣᠪᠣᠶᠢᠮ᠎ᠠ᠂ ᠣᠨᠴᠠᠯᠢᠭ ᠢᠶᠠᠷ ᠢᠯᠡ ᠲᠣᠳᠣ ᠭᠤᠣᠯᠳᠠᠯᠭ᠎ᠠ ᠲᠠᠢ ᠲᠤᠰᠬᠠᠢ ᠡᠮᠨᠡᠯᠭᠡ ᠶᠢᠨ ᠬᠤᠷᠢᠶ᠎ᠠ ᠶᠢ ᠪᠠᠶᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠲᠠᠰᠤᠷᠠᠯᠳᠡ ᠦᠭᠡᠢ ᠳᠡᠭᠡᠭᠰᠢᠯᠡᠭᠦᠯᠵᠦ᠂ ᠬᠤᠳᠠ ᠶᠢᠨ ᠠᠷᠠᠳ ᠲᠤ ᠨᠡᠩ ᠤᠯᠠᠨ ᠴᠢᠨᠠᠷ ᠰᠠᠶᠢᠲᠠᠢ ᠳᠥᠭᠦᠮ ᠳᠥᠲᠡ ᠡᠮ ᠡᠮᠨᠡᠯᠭᠡ ᠶᠢᠨ ᠡᠬᠢ ᠪᠠᠶᠠᠯᠢᠭ ᠢ ᠬᠠᠩᠭᠠᠬᠤ ᠬᠡᠷᠡᠭᠲᠡᠢ ᠭᠡᠵᠡᠢ᠃       ᠥᠪᠥᠷ ᠮᠣᠩᠭᠤᠯ ᠤᠨ ᠵᠢᠷᠦᠬᠡ ᠲᠠᠷᠢᠬᠢ ᠴᠢᠰᠤᠨ ᠰᠤᠳᠠᠯ ᠤᠨ ᠡᠮᠨᠡᠯᠭᠡ ᠶᠢᠨ ᠬᠤᠷᠢᠶ᠎ᠠ ᠪᠣᠯ ᠬᠥᠬᠡᠬᠤᠲᠠ᠂ ᠰᠠᠶᠢᠬᠠᠨ ᠲᠣᠭᠤᠷᠢᠭ ᠤᠨ ᠬᠤᠶᠠᠷ ᠱᠠᠲᠤᠨ ᠤ ᠵᠠᠰᠠᠭ ᠤᠨ ᠣᠷᠳᠣᠨ ᠬᠢᠭᠡᠳ ᠨᠡᠶᠢᠳᠡᠮ ᠬᠡᠷᠡᠭᠯᠡᠭᠡᠨ ᠤ ᠮᠡᠷᠭᠡᠵᠢᠯ ᠤᠨ ᠪᠦᠯᠦᠭᠯᠡᠯ ᠤᠨ ᠬᠠᠮᠲᠤ ᠪᠠᠷ ᠪᠠᠶᠢᠭᠤᠯᠤᠭᠰᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠲᠥᠷᠥᠯ ᠵᠦᠢᠯ ᠮᠥᠨ᠂ ᠠᠵᠢᠯᠯᠠᠭᠠᠨ ᠤ 7 ᠰᠠᠷ᠎ᠠ ᠶᠢᠨ ᠲᠤᠷᠰᠢ᠂ ᠨᠢᠭᠡᠨᠲᠡ 1.5 ᠲᠦᠮᠡᠨ ᠬᠥᠮᠥᠨ ᠤᠳᠠᠭ᠎ᠠ  ᠬᠦᠯᠢᠶᠡᠨ ᠠᠪᠴᠤ ᠡᠮᠨᠡᠨ᠂ ᠵᠢᠷᠦᠬᠡ ᠲᠠᠷᠢᠬᠢ ᠴᠢᠰᠤᠨ ᠰᠤᠳᠠᠯ ᠳᠤ 800 ᠰᠢᠬᠠᠮ ᠤᠳᠠᠭ᠎ᠠ ᠮᠡᠰᠡ ᠵᠠᠰᠠᠯ ᠬᠢᠭᠰᠡᠨ ᠪᠠᠶᠢᠨ᠎ᠠ᠃ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠪᠤᠤ ᠭᠠᠩ ᠲᠤᠰ ᠡᠮᠨᠡᠯᠭᠡ ᠶᠢᠨ ᠬᠤᠷᠢᠶ᠎ᠠ ᠳᠤ ᠭᠦᠨᠵᠡᠭᠡᠶᠢᠷᠡᠵᠦ᠂ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠠᠵᠢᠯᠯᠠᠭᠠᠨ ᠪᠣᠯᠣᠨ ᠲᠤᠰᠬᠠᠢ ᠮᠡᠷᠭᠡᠵᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠡᠮᠨᠡᠯᠭᠡ ᠶᠢᠨ ᠬᠤᠷᠢᠶ᠎ᠠ ᠨᠡᠩ ᠤᠯᠠᠨ ᠤᠯᠤᠰ ᠤᠨ ᠳᠣᠲᠣᠭᠠᠳᠤ ᠶᠢᠨ ᠲᠡᠷᠢᠭᠦᠨ ᠤ ᠮᠡᠷᠭᠡᠵᠢᠯ ᠤᠨ ᠪᠦᠯᠬᠦᠮ ᠢ ᠤᠷᠢᠨ ᠠᠪᠴᠢᠷᠠᠵᠤ᠂ ᠪᠡᠭᠡᠵᠢᠩ ᠤᠨ ᠰᠢᠯᠢᠳᠡᠭ ᠡᠮᠴᠢᠯᠡᠭᠡᠨ ᠤ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠥᠪᠥᠷ ᠮᠣᠩᠭᠤᠯ ᠤᠨ ᠵᠢᠷᠦᠬᠡ ᠲᠠᠷᠢᠬᠢ ᠴᠢᠰᠤᠨ ᠰᠤᠳᠠᠯ ᠤᠨ ᠡᠮᠨᠡᠯᠭᠡ ᠶᠢᠨ ᠬᠤᠷᠢᠶ᠎ᠠ ᠶᠢ ᠤᠯᠤᠰ ᠤᠨ ᠳᠣᠲᠣᠭᠠᠳᠤ ᠶᠢᠨ ᠲᠡᠷᠢᠭᠦᠨ ᠤ ᠠᠯᠪᠠᠨ ᠠᠴᠠ ᠪᠠᠶᠢᠭᠤᠯᠤᠭᠰᠠᠨ ᠭᠤᠷᠪᠠᠳᠤᠭᠠᠷ ᠲᠡᠰ ᠤᠨ ᠬᠥᠬᠡ ᠵᠡᠷᠭᠡᠯᠡᠯ ᠤᠨ ᠣᠨᠴᠠᠯᠢᠭᠲᠤ ᠡᠮᠨᠡᠯᠭᠡ ᠶᠢᠨ ᠬᠤᠷᠢᠶ᠎ᠠ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠪᠡ᠃       ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠰᠦᠢ ᠰᠢᠶᠣᠣ ᠵᠢᠶᠧ᠂ ᠬᠤᠳᠠ ᠶᠢᠨ ᠤᠳᠤᠷᠢᠳᠤᠯᠭ᠎ᠠ ᠯᠢᠦ ᠵᠢᠢ ᠶᠢᠩ᠂ ᠵᠢᠶᠣᠣ ᠬᠤᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ