ᠾᠧ ᠬᠠᠢ ᠳ᠋ᠦᠩ ᠬᠤᠲᠠ ᠶᠢᠨ ᠲᠣᠭᠤᠷᠢᠭ ᠤᠨ ᠵᠠᠮ ᠳᠠᠭᠠᠭᠰᠠᠨ ᠮᠣᠳᠣ ᠶᠢ ᠨᠥᠬᠦᠵᠦ ᠵᠠᠶᠢᠯᠠᠭᠰᠠᠨ᠂ ᠬᠡᠰᠡᠭ ᠵᠠᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/4/12
      ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠲᠣᠭᠤᠷᠢᠭ ᠤᠨ ᠵᠠᠮ ᠳᠠᠭᠠᠭᠰᠠᠨ ᠮᠣᠳᠣ ᠨᠥᠬᠦᠵᠦ ᠵᠠᠶᠢᠯᠠᠬᠤ᠂ ᠬᠡᠰᠡᠭ ᠵᠠᠮ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠠᠳᠠᠯᠢ ᠪᠤᠰᠤ ᠭᠠᠵᠠᠷ ᠣᠷᠣᠨ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃       ᠾᠧ ᠬᠠᠢ ᠳ᠋ᠦᠩ ᠨᠠᠷ ᠤᠷᠢᠳ ᠬᠤᠵᠢᠳ ᠰᠢᠨ᠎ᠡ ᠬᠤᠲᠠ ᠲᠣᠭᠤᠷᠢᠭ ᠤᠨ ᠡᠯ ᠵᠢᠩ ᠵᠠᠮ᠂ ᠬᠤᠲᠣᠩ ᠠᠷᠠᠳ ᠤᠨ ᠲᠣᠭᠤᠷᠢᠭ ᠤᠨ ᠴᠢᠩᠭᠢᠰ ᠬᠠᠭᠠᠨ ᠪᠠᠷᠠᠭᠤᠨ ᠵᠡᠭᠡᠯᠢ᠂ ᠬᠤᠶᠠᠳᠤᠭᠠᠷ ᠲᠣᠭᠤᠷᠢᠯ ᠵᠠᠮ ᠤᠨ ᠢᠦᠢ ᠴᠢᠤᠸᠠᠨ ᠲᠣᠭᠤᠷᠢᠭ ᠤᠨ ᠬᠡᠰᠡᠭ᠂ ᠰᠠᠶᠢᠬᠠᠨ ᠲᠣᠭᠤᠷᠢᠭ ᠤᠨ ᠴᠢᠩ ᠾᠧ ᠵᠠᠮ ᠵᠡᠷᠭᠡ ᠭᠠᠵᠠᠷ ᠢᠶᠠᠷ ᠬᠦᠷᠴᠦ᠂ ᠵᠠᠮ ᠳᠠᠭᠠᠤ ᠶᠢᠨ ᠮᠣᠳᠣ ᠨᠥᠬᠦᠵᠦ ᠵᠠᠶᠢᠯᠠᠬᠤ᠂ ᠪᠣᠳᠠ ᠴᠡᠴᠡᠭ ᠨᠡᠮᠡᠬᠦ᠂ ᠲᠡᠷᠭᠡ ᠵᠣᠭᠰᠣᠬᠤ ᠡᠮᠬᠢ ᠵᠢᠷᠤᠮ᠂ ᠵᠠᠮ ᠤᠨ ᠭᠠᠳᠠᠷᠭᠤ ᠶᠢ ᠵᠠᠰᠠᠵᠤ ᠰᠡᠯᠪᠢᠭᠰᠡᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠡᠰᠡᠭ ᠬᠤᠷᠢᠶᠠᠯᠠᠯ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠨᠣᠭᠤᠭᠠᠷᠠᠭᠤᠯᠤᠯᠲᠠ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠡᠮᠬᠢ ᠵᠢᠷᠤᠮ ᠤᠨ ᠬᠠᠮᠢᠶᠠᠷᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠠᠶᠢᠨ᠎ᠠ᠃       ᠾᠧ ᠬᠠᠢ ᠳ᠋ᠦᠩ ᠬᠡᠯᠡᠬᠦ ᠳᠡᠭᠡᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠨᠢ ᠬᠤᠲᠠ ᠶᠢᠨ ᠴᠢᠨᠠᠷ ᠴᠢᠨᠰᠠᠭ᠎ᠠ ᠶᠢ ᠴᠢᠩᠭᠠᠳᠬᠠᠬᠤ ᠳᠤ ᠠᠰᠢᠭᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠪᠤᠷ ᠤᠨ ᠤᠯᠠᠷᠢᠯ ᠤᠨ ᠨᠣᠭᠤᠭᠠᠷᠠᠭᠤᠯᠤᠯᠲᠠ ᠶᠢᠨ ︽ᠰᠢᠵᠢᠷ ᠠᠯᠳᠠᠨ ᠬᠤᠭᠤᠴᠠᠭ᠎ᠠ︾ ᠶᠢ ᠵᠠᠪᠳᠤᠨ ᠠᠳᠬᠤᠵᠤ᠂ ᠬᠤᠳᠠ ᠶᠢᠨ ᠲᠣᠭᠤᠷᠢᠭ ᠤᠨ ᠵᠠᠮ ᠳᠠᠭᠠᠭᠰᠠᠨ ᠮᠣᠳᠣᠨ ᠤ ᠳᠤᠲᠠᠵᠤ ᠲᠠᠰᠤᠯᠳᠠᠭᠰᠠᠨ ᠢ ᠨᠠᠷᠢᠨ ᠨᠢᠮᠪᠠᠢ ᠵᠢᠭᠰᠠᠭᠠᠨ ᠪᠠᠶᠢᠴᠠᠭᠠᠵᠤ᠂ ᠨᠤᠭᠤᠭᠠᠷᠠᠭᠤᠯᠤᠨ ᠨᠥᠬᠦᠵᠦ ᠵᠠᠶᠢᠯᠠᠬᠤ ᠨᠠᠷᠢᠨ ᠲᠥᠰᠥᠯ ᠢ ᠲᠣᠭᠲᠠᠭᠠᠨ᠂ ᠨᠥᠬᠦᠵᠦ ᠵᠠᠶᠢᠯᠠᠬᠤ ᠪᠠᠶᠢᠷᠢ᠂ ᠮᠣᠳᠣᠨ ᠤ ᠲᠦᠷᠦᠯ᠂ ᠲᠤᠭ᠎ᠠ ᠬᠡᠮᠵᠢᠶ᠎ᠡ᠂ ᠬᠡᠪ ᠪᠠᠷᠢᠮᠵᠢᠶ᠎ᠠ ᠬᠢᠭᠡᠳ ᠪᠡᠶᠡᠯᠡᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠵᠤ᠂ ᠨᠥᠬᠦᠵᠦ ᠵᠠᠶᠢᠯᠠᠬᠤ ᠤᠷᠭᠤᠮᠠᠯ ᠬᠢᠭᠡᠳ ᠪᠦᠬᠦᠯᠢ ᠴᠣᠭᠴᠠ ᠶᠢᠨ ᠨᠣᠭᠤᠭᠠᠷᠠᠭᠤᠯᠤᠯᠲᠠ ᠶᠢᠨ ᠣᠷᠴᠢᠨ ᠲᠣᠭᠤᠷᠢᠨ ᠢ ᠵᠣᠬᠢᠴᠠᠯᠳᠤᠭᠤᠯᠤᠨ ᠨᠢᠭᠡᠳᠦᠯᠲᠡᠢ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ ᠡᠭᠦᠨ ᠤ ᠬᠠᠮᠲᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠨᠥᠬᠦᠵᠦ ᠵᠠᠶᠢᠯᠠᠭᠰᠠᠨ ᠵᠤᠯᠵᠠᠭ᠎ᠠ ᠮᠣᠳᠣ ᠶᠢ ᠴᠠᠭ ᠲᠤᠬᠠᠢ ᠳᠤᠨᠢ ᠤᠰᠤᠯᠠᠵᠤ᠂ ᠠᠷᠠᠴᠢᠯᠠᠨ ᠬᠠᠮᠠᠭᠠᠯᠠᠬᠤ ᠶᠢ ᠴᠢᠩᠭᠠᠳᠬᠠᠨ᠂ ᠨᠥᠬᠦᠵᠦ ᠵᠠᠶᠢᠯᠠᠭᠰᠠᠨ ᠵᠤᠯᠵᠠᠭ᠎ᠠ ᠮᠣᠳᠣᠨ ᠤ ᠡᠳᠡᠭᠡᠷᠡᠯᠲᠡ ᠶᠢᠨ ᠨᠣᠷᠮ᠎ᠠ ᠶᠢ ᠦᠨᠡᠨᠬᠦ ᠪᠠᠲᠤᠯᠠᠬᠤ ᠬᠡᠷᠡᠭᠲᠡᠢ᠃ ︽ᠬᠤᠸᠠᠷ ᠬᠠᠳᠬᠤᠬᠤ︾ ᠴᠢᠷᠮᠠᠶᠢᠯᠭ᠎ᠠ ᠣᠷᠣᠭᠤᠯᠵᠤ᠂ ᠬᠤᠷᠢᠶᠠᠯᠠᠯ ᠤᠨ ᠡᠷᠬᠢᠨ ᠲᠣᠭᠤᠷᠢᠨ ᠤ ᠪᠠᠷᠢᠯᠭ᠎ᠠ ᠶᠢ ᠬᠦᠷᠢᠶᠡᠯᠡᠨ ᠬᠠᠰᠢᠵᠤ ᠨᠤᠷᠠᠭᠠᠬᠤ᠂ ᠵᠠᠮ ᠤᠨ ᠭᠠᠳᠠᠷᠭᠤ ᠶᠢ ᠰᠡᠯᠪᠢᠨ ᠵᠠᠰᠠᠬᠤ᠂ ᠲᠡᠷᠭᠡ ᠵᠣᠭᠰᠤᠭᠠᠬᠤ ᠶᠢ ᠬᠠᠮᠢᠶᠠᠷᠬᠤ ᠵᠡᠷᠭᠡ ᠠᠵᠢᠯ ᠢ ᠰᠠᠶᠢᠲᠤᠷ ᠬᠢᠵᠦ᠂ ᠬᠤᠳᠠ ᠶᠢᠨ ᠬᠠᠮᠢᠶᠠᠷᠤᠯᠲᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠬᠤᠳᠠ ᠶᠢ ᠣᠷᠣᠰᠢᠨ ᠰᠠᠭᠤᠬᠤ ᠳᠤ ᠨᠡᠩ ᠲᠣᠬᠢᠷᠠᠮᠵᠢᠲᠠᠢ ᠪᠣᠯᠭᠠᠬᠤ ᠬᠡᠷᠡᠭᠲᠡᠢ᠃ ᠵᠠᠮ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠥᠨᠴᠥᠭ ᠪᠤᠯᠤᠩ ᠢ ᠴᠡᠪᠡᠷᠯᠡᠵᠦ᠂ ᠪᠠᠯᠠᠢ ᠣᠷᠣᠨ  ᠢ ᠠᠷᠢᠯᠭᠠᠵᠤ᠂ ᠬᠤᠲᠠ ᠶᠢᠨ ᠲᠣᠭᠤᠷᠢᠭ ᠤᠨ ᠵᠠᠮ ᠢ ᠦᠨᠡᠨᠬᠦ ︽ᠳᠦᠷᠢ ᠳᠦᠷᠬᠦ︾ ᠶᠢ ᠨᠢ ᠳᠡᠭᠡᠭᠰᠢᠯᠡᠭᠦᠯᠦᠨ ︽ᠰᠦᠷ ᠰᠦᠯᠲᠡ︾ ᠶᠢ ᠨᠢ  ᠨᠡᠮᠡᠭᠳᠡᠭᠦᠯᠵᠦ᠂ ᠬᠤᠲᠠ ᠶᠢᠨ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃       ᠬᠤᠲᠠ ᠶᠢᠨ ᠤᠳᠤᠷᠢᠳᠤᠯᠭ᠎ᠠ ᠶᠢᠨ ᠹᠦ᠋ ᠶᠢᠨ ᠽᠠᠢ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ