︵ᠰᠤᠷᠪᠤᠯᠵᠢᠯᠠᠭᠴᠢ ᠰᠥᠩ ᠰᠢᠶᠠᠩ ᠬᠤᠸᠠ ᠴᠢᠮᠡᠭᠡᠯᠡᠭᠴᠢ ᠵᠣᠣ ᠶᠠᠨ ᠰᠢᠶᠠ︶ ᠡᠨᠡ ᠵᠢᠯ ᠤᠨ 1—3 ᠰᠠᠷ᠎ᠠ ᠳᠤ᠂ ᠮᠠᠨ ᠤ ᠬᠤᠲᠠ ᠶᠢᠨ ᠡᠩ ᠤᠨ | ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠨᠡᠶᠢᠲᠡ 69.39 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠲᠦᠷᠦᠭᠦᠸ ᠵᠢᠯ ᠤᠨ ᠬᠢ ᠠᠴᠠ 6.78 | ᠳ᠋ᠦᠩᠰᠢᠭᠤᠷ ᠲᠥᠭᠦᠷᠢᠭ ᠨᠡᠮᠡᠭᠳᠡᠨ᠂ 10.8 % ᠪᠠᠷ ᠨᠡᠮᠡᠭᠳᠡᠪᠡ᠃ | 1—3 ᠰᠠᠷ᠎ᠠ ᠳᠤ᠂ ᠪᠥᠬᠦ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠨᠡᠶᠢᠲᠡ 118.26 ᠳ᠋ᠦᠩᠰᠢᠭᠤᠷ ᠲᠥᠭᠦᠷᠢᠭ ᠲᠤ | ᠬᠦᠷᠴᠦ᠂ ᠲᠦᠷᠦᠭᠦᠸ ᠵᠢᠯ ᠤᠨ ᠬᠢ ᠠᠴᠠ 9.23 ᠳ᠋ᠦᠩᠰᠢᠭᠤᠷ ᠲᠥᠭᠦᠷᠢᠭ ᠨᠡᠮᠡᠭᠳᠡᠨ᠂ 8.5% ᠪᠠᠷ ᠨᠡᠮᠡᠭᠳᠡᠵᠡᠢ᠃ ᠡᠭᠦᠨ ᠤ ᠳᠣᠲᠣᠷ᠎ᠠ᠂ ᠡᠩ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠵᠠᠷᠤᠯᠭ᠎ᠠ 10.56 ᠳ᠋ᠦᠩᠰᠢᠭᠤᠷ ᠲᠥᠭᠦᠷᠢᠭ᠂ ᠣᠯᠠᠨ ᠨᠡᠶᠢᠲᠡ ᠶᠢᠨ ᠠᠮᠤᠷ ᠲᠦᠪᠰᠢᠨ ᠤ ᠵᠠᠷᠤᠯᠭ᠎ᠠ ᠶᠢ 4.66 | ᠳ᠋ᠦᠩᠰᠢᠭᠤᠷ ᠲᠥᠭᠦᠷᠢᠭ᠂ ᠰᠤᠷᠭᠠᠨ ᠬᠥᠮᠦᠵᠢᠯ ᠤᠨ ᠵᠠᠷᠤᠯᠭ᠎ᠠ ᠶᠢ 14.18 ᠳ᠋ᠦᠩᠰᠢᠭᠤᠷ ᠲᠥᠭᠦᠷᠢᠭ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠬᠢᠭᠡᠳ | ᠵᠠᠭᠤᠴᠢᠯᠠᠭᠤᠷ ᠤᠨ ᠵᠠᠷᠤᠯᠭ᠎ᠠ ᠶᠢ 3.16 ᠳ᠋ᠦᠩᠰᠢᠭᠤᠷ ᠲᠥᠭᠦᠷᠢᠭ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ ᠶᠢᠨ ᠵᠠᠷᠤᠯᠭ᠎ᠠ 18.82 | ᠳ᠋ᠦᠩᠰᠢᠭᠤᠷ ᠲᠥᠭᠦᠷᠢᠭ ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠵᠠᠷᠤᠯᠭ᠎ᠠ 6.72 ᠳ᠋ᠦᠩᠰᠢᠭᠤᠷ ᠲᠥᠭᠦᠷᠢᠭ᠂ ᠡᠨᠧᠷᠭᠢ ᠠᠷᠪᠢᠯᠠᠵᠤ ᠣᠷᠴᠢᠨ ᠠᠬᠤᠢ ᠶᠢ | ᠬᠠᠮᠠᠭᠠᠯᠠᠬᠤ ᠵᠠᠷᠤᠯᠭ᠎ᠠ 2.47 ᠳ᠋ᠦᠩᠰᠢᠭᠤᠷ ᠲᠥᠭᠦᠷᠢᠭ᠂ ᠬᠤᠳᠠ ᠬᠥᠳᠡᠭᠡ ᠨᠡᠶᠢᠭᠡᠮ ᠲᠣᠭᠤᠷᠢᠭ ᠤᠨ ᠵᠠᠷᠤᠯᠭ᠎ᠠ 27.28 ᠳ᠋ᠦᠩᠰᠢᠭᠤᠷ ᠲᠥᠭᠦᠷᠢᠭ᠂ | ᠲᠠᠷᠢᠶᠠᠯᠠᠩ ᠤᠢ ᠰᠢᠭᠤᠢ ᠤᠰᠤᠨ ᠠᠰᠢᠭᠯᠠᠯᠲᠠ ᠶᠢᠨ ᠵᠠᠷᠤᠯᠭ᠎ᠠ 7.91 ᠳ᠋ᠦᠩᠰᠢᠭᠤᠷ ᠲᠥᠭᠦᠷᠢᠭ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠷᠤᠯᠭ᠎ᠠ 3.16 | ᠳ᠋ᠦᠩᠰᠢᠭᠤᠷ ᠲᠥᠭᠦᠷᠢᠭ᠂ ᠡᠬᠢ ᠪᠠᠶᠠᠯᠢᠭ ᠤᠨ ᠬᠠᠶᠢᠨ ᠰᠢᠨᠵᠢᠯᠡᠯᠲᠡ ᠮᠡᠳᠡᠭᠡ ᠵᠠᠩᠭᠢ ᠵᠡᠷᠭᠡ ᠶᠢᠨ ᠵᠠᠷᠤᠯᠭ᠎ᠠ 4.41 ᠳ᠋ᠦᠩᠰᠢᠭᠤᠷ ᠲᠥᠭᠦᠷᠢᠭ᠂ | ᠪᠠᠶᠢᠭᠠᠯᠢ ᠶᠢᠨ ᠡᠬᠢ ᠪᠠᠶᠠᠯᠢᠭ ᠲᠠᠯᠠᠢ ᠲᠠᠩᠭᠢᠰ ᠴᠠᠭ ᠠᠭᠤᠷ ᠵᠡᠷᠭᠡ ᠶᠢᠨ ᠵᠠᠷᠤᠯᠭ᠎ᠠ 0.78 ᠳ᠋ᠦᠩᠰᠢᠭᠤᠷ ᠲᠥᠭᠦᠷᠢᠭ᠂ ᠣᠷᠣᠨ ᠰᠠᠭᠤᠴᠠ ᠶᠢᠨ | ᠪᠠᠲᠤᠯᠠᠭ᠎ᠠ ᠶᠢᠨ ᠵᠠᠷᠤᠯᠭ᠎ᠠ 3.22 ᠳ᠋ᠦᠩᠰᠢᠭᠤᠷ ᠲᠥᠭᠦᠷᠢᠭ᠂ ᠭᠠᠮᠰᠢᠭ ᠢ ᠰᠡᠷᠭᠡᠶᠢᠯᠡᠨ ᠵᠠᠰᠠᠬᠤ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠵᠠᠷᠤᠯᠭ᠎ᠠ 0.82 ᠳ᠋ᠦᠩᠰᠢᠭᠤᠷ ᠲᠥᠭᠦᠷᠢᠭ᠂ ᠪᠤᠰᠤᠳ ᠲᠦᠷᠦᠯ ᠤᠨ ᠵᠠᠷᠤᠯᠭ᠎ᠠ 10.11 ᠳ᠋ᠦᠩᠰᠢᠭᠤᠷ ᠲᠥᠭᠦᠷᠢᠭ ᠪᠠᠭᠲᠠᠨ᠎ᠠ᠃ | ᠪᠥᠬᠦ ᠬᠤᠲᠠ ᠶᠢᠨ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠣᠷᠣᠯᠭ᠎ᠠ ᠶᠢ ᠨᠡᠶᠢᠲᠡ 32.3 ᠳ᠋ᠦᠩᠰᠢᠭᠤᠷ ᠲᠥᠭᠦᠷᠢᠭ ᠢ | ᠪᠡᠶᠡᠯᠡᠭᠦᠯᠪᠡ︔ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠵᠠᠷᠤᠯᠭ᠎ᠠ ᠨᠡᠶᠢᠳᠡ 28.03 ᠳ᠋ᠦᠩᠰᠢᠭᠤᠷ ᠲᠥᠭᠦᠷᠢᠭ ᠲᠤ ᠬᠦᠷᠴᠡᠢ᠃ | |