ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 3 ᠳ᠋ᠤᠭᠠᠷ ᠤᠳᠠᠭ᠎ᠠ ᠶᠢᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/15
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 12 ᠤᠨ ᠡᠳᠦᠷ᠂ ᠬᠤᠳᠠ ᠶᠢᠨ ᠵᠠᠰᠠᠭ ᠤᠨ ᠣᠷᠳᠣᠨ 2024 ᠣᠨ ᠤ 3 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ᠂ ᠲᠥᠪ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠬᠤᠷᠠᠯ᠂ ᠴᠢᠬᠤᠯᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠰᠤᠷᠤᠯᠴᠠᠯᠭ᠎ᠠ ᠶᠢᠨ ᠬᠥᠲᠥᠯᠪᠦᠷᠢ︾᠂ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠪᠣᠯᠣᠨ ᠲᠦᠷᠦ ᠶᠢᠨ ᠶᠠᠪᠤᠳᠠᠯ ᠤᠨ ᠬᠤᠷᠢᠶᠠᠨ ᠤ ᠲᠥᠬᠦᠭᠡᠷᠦᠮᠵᠢ ᠶᠢ ᠶᠡᠭᠡ ᠬᠡᠪᠴᠢᠶ᠎ᠡ ᠪᠠᠷ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠠᠬᠢᠭᠤᠯᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠰᠤᠷᠤᠯᠴᠠᠪᠠ᠃      ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠬᠢᠯᠡᠪᠡ᠃      ᠬᠤᠷᠠᠯ ᠠᠴᠠ ᠱᠠᠭᠠᠷᠳᠠᠭᠰᠠᠨ ᠨᠢ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢᠨ ᠴᠢᠬᠤᠯᠠ ᠶᠡᠭᠡ ᠠᠴᠢ ᠬᠤᠯᠪᠣᠭᠳᠠᠯ᠂ ᠪᠠᠶᠠᠯᠢᠭ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠰᠢᠵᠦ᠂ ᠶᠡᠭᠡ ᠠᠮᠤᠷ ᠲᠦᠪᠰᠢᠨ ᠤ ᠣᠶᠢᠯᠠᠭᠠᠭᠳᠠᠬᠤᠨ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠳᠤ ᠠᠭᠤᠰᠬᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠵᠡᠷᠭᠡ ᠡᠯ᠎ᠡ ᠵᠦᠢᠯ ᠤᠨ ᠡᠭᠦᠷᠭᠡ ᠳᠤ ᠠᠭᠤᠰᠬᠠᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠡᠯ᠎ᠡ ᠭᠤᠭᠴᠤᠭ᠎ᠠ ᠶᠢᠨ ᠠᠵᠢᠯ ᠢ ᠯᠠᠪᠳᠠᠭᠤᠨ ᠪᠠᠲᠤᠲᠠᠢ ᠬᠢᠵᠦ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠨᠢᠭᠡ ᠡᠭᠡᠯᠵᠢ ᠶᠢᠨ ᠲᠥᠬᠦᠭᠡᠷᠦᠮᠵᠢ ᠶᠢ ᠶᠡᠭᠡ ᠬᠡᠪᠴᠢᠶ᠎ᠡ ᠪᠠᠷ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠪᠣᠯ ᠨᠠᠮ ᠤᠨ ᠲᠥᠪ ᠬᠤᠷᠢᠶ᠎ᠠ ᠠᠴᠠ ᠴᠢᠨᠠᠷ ᠰᠠᠶᠢᠲᠠᠢ ᠬᠥᠭᠵᠢᠯᠲᠡ ᠶᠢᠨ ᠶᠡᠭᠡ ᠲᠠᠯ᠎ᠠ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠨ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ ᠶᠢ ᠪᠠᠷᠢᠮᠲᠠᠯᠠᠵᠤ᠂ ᠰᠠᠭᠤᠷᠢ ᠲᠤᠭ᠎ᠠ ᠶᠢ ᠱᠠᠯᠠᠪᠳᠠᠨ ᠲᠣᠳᠣᠷᠬᠠᠢ ᠣᠶᠢᠯᠠᠭᠠᠵᠤ᠂ ᠡᠯ᠎ᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠤᠨ ᠪᠣᠷᠤᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠤᠷᠢᠳᠴᠢᠯᠠᠨ ᠰᠠᠶᠢᠲᠤᠷ ᠲᠥᠯᠥᠪᠵᠢᠭᠦᠯᠵᠦ᠂ ᠪᠦᠬᠦ ᠬᠤᠳᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠣᠳᠠᠲᠠᠢ ᠠᠵᠢᠯ ᠤᠨ ᠲᠥᠰᠥᠯ ᠲᠣᠭᠲᠠᠭᠠᠵᠤ᠂ ᠲᠥᠬᠦᠭᠡᠷᠦᠮᠵᠢ ᠶᠢ ᠶᠡᠭᠡ ᠬᠡᠪᠴᠢᠶ᠎ᠡ ᠪᠠᠷ ᠰᠢᠨᠡᠳᠬᠡᠬᠦ ᠪᠠ ᠬᠡᠷᠡᠭᠯᠡᠭᠡᠨ ᠤ ᠵᠦᠢᠯ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠡᠮᠬᠢ ᠵᠢᠷᠤᠮ ᠲᠠᠢ ᠬᠡᠷᠡᠭᠵᠢᠭᠦᠯᠵᠦ᠂ ᠤᠷᠤᠭᠰᠢᠲᠠᠢ ᠠᠬᠢᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ