ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/15
ᠾᠧ ᠬᠠᠢ ᠳ᠋ᠦᠩ ᠬᠤᠷᠠᠯ ᠢ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠤᠯᠠᠮᠵᠢᠯᠠᠵᠤ᠂ ᠤᠯᠤᠰ ᠤᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 2023 ᠣᠨ ᠤ ᠡᠩ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ︾ ︽ᠬᠥᠬᠡᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ︵2024 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ︽2021 ︱ 2022 ᠣᠨ ᠤ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠲᠥᠰᠥᠯ︾ ︽ᠬᠥᠬᠡᠬᠤᠲᠠ ᠶᠢᠨ ᠬᠤᠲᠠ ᠶᠢ ᠲᠣᠭᠤᠷᠢᠭᠰᠠᠨ ᠤᠰᠤᠨ ᠪᠦᠰᠡ ᠶᠢ ᠬᠠᠮᠠᠭᠠᠯᠠᠬᠤ ᠳᠦᠷᠢᠮ ︵ᠲᠥᠰᠥᠯ︶︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠤᠭ᠎ᠠ ᠪᠦᠷᠢᠳᠬᠡᠯ ᠤᠨ ᠬᠠᠤᠯᠢ ᠵᠡᠷᠭᠡ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠰᠠᠭᠤᠳᠠᠯ ᠢ ᠰᠠᠶᠢᠲᠤᠷ ᠠᠩᠬᠠᠷᠴᠤ᠂ ᠲᠣᠬᠢᠷᠠᠭᠤᠯᠤᠯᠲᠠ ᠪᠠᠨ ᠴᠢᠩᠭᠠᠳᠬᠠᠨ᠂ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ᠂ ᠲᠣᠭᠲᠠᠴᠠ ᠶᠢ ᠪᠦᠷᠢᠨᠰᠢᠭᠦᠯᠦᠨ᠂ ᠲᠤᠭ᠎ᠠ ᠪᠦᠷᠢᠳᠬᠡᠯ ᠤᠨ ᠲᠤᠰᠬᠠᠢ ᠵᠦᠢᠯ ᠤᠨ ᠰᠢᠮᠳᠠᠭᠤᠯᠤᠨ ᠪᠠᠶᠢᠴᠠᠭᠠᠯᠲᠠ ᠶᠢᠨ ᠠᠰᠠᠭᠤᠳᠠᠯ ᠢ ᠪᠦᠬᠦᠨ ᠢ ᠦᠨᠡᠨᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠪᠣᠯᠣᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠤᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ︾ ᠠᠰᠠᠭᠤᠳᠠᠯ ᠢ ᠰᠢᠢᠳᠪᠦᠷᠢᠯᠡᠬᠦ ᠴᠢᠬᠤᠯᠠ ᠭᠠᠷᠳᠠᠴᠠ ᠪᠣᠯᠣᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠠᠵᠢᠯ ᠢᠶᠠᠨ ᠬᠦᠴᠦᠲᠡᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠠᠷᠠᠳ ᠣᠯᠠᠨ ᠤ ᠰᠢᠨ᠎ᠡ ᠱᠠᠲᠤ ᠦᠶ᠎ᠡ ᠳᠠᠬᠢ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠳᠤ ᠨᠠᠩ ᠰᠠᠶᠢᠲᠤᠷ ᠬᠠᠷᠢᠭᠤᠯᠲᠠ ᠥᠭᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠴᠢᠩᠭ᠎ᠠ ᠵᠢᠷᠤᠮᠯᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠣᠷ ᠬᠥᠨᠥᠭᠡᠯ ᠢ ᠪᠠᠭᠠᠰᠬᠠᠵᠤ᠂ ᠣᠷᠴᠢᠨ ᠲᠣᠭᠤᠷᠢᠨ ᠤ ᠠᠮᠤᠷ ᠲᠦᠪᠰᠢᠨ ᠪᠣᠯᠣᠨ ᠠᠷᠠᠳ ᠤᠯᠠᠨ ᠤ ᠡᠷᠡᠭᠦᠯ ᠴᠢᠭᠢᠷᠠᠭ ᠢ ᠪᠠᠲᠤᠯᠠᠬᠤ ᠬᠡᠷᠡᠭᠲᠡᠢ᠃ ᠬᠠᠷᠠᠯᠲᠠ ᠪᠠᠨ ᠴᠢᠩᠭ᠎ᠠ ᠠᠩᠬᠠᠷᠴᠤ᠂ ᠪᠥᠬᠦ ᠬᠤᠲᠠ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠦᠢᠯ ᠳᠠᠷᠠᠭᠠᠯᠠᠨ ᠡᠬᠡ ᠲᠠᠩᠰᠠ ᠪᠠᠶᠢᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠪᠠᠬᠢᠵᠢᠭᠦᠯᠦᠨ ᠰᠠᠶᠢᠵᠢᠷᠠᠭᠤᠯᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ᠬᠤᠲᠠ ᠶᠢᠨ ᠳᠠᠷᠤᠭ᠎ᠠ ᠶᠢᠨ ︽ᠢᠳᠡᠰᠢᠨ ᠨᠣᠭᠤᠭ᠎ᠠ︾ ᠶᠢᠨ ᠬᠠᠷᠢᠭᠤᠴᠠᠯᠭ᠎ᠠ ᠶᠢᠨ ᠳᠦᠷᠢᠮ ᠤᠨ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠦᠨᠡᠨᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ