ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/15
ᠪᠣᠣ ᠭᠠᠩ ᠬᠤᠷᠠᠯ ᠢ ᠡᠷᠬᠢᠯᠡᠵᠠᠢ      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ‌‍ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠪᠠ ᠲᠥᠪ ᠤᠨ ︽ᠪᠥᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠱᠠᠭᠠᠷᠳᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠤᠯᠪᠣᠭᠳᠠᠯ ᠪᠦᠬᠦᠢ ᠠᠵᠢᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠪᠦᠦ ᠭᠠᠩ ᠬᠤᠷᠠᠯ ᠢ ᠡᠷᠬᠢᠯᠡᠪᠡ᠃      ᠬᠤᠷᠠᠯ ᠠᠴᠠ᠂ ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠠᠮᠤᠭ ᠤᠨ ᠰᠠᠶᠢᠬᠠᠨ ᠭᠠᠵᠠᠷ︾ ᠤᠨ ᠪᠠᠷᠢᠮᠵᠢᠶ᠎ᠠ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠶᠢᠨ ᠬᠠᠮᠲᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠲᠠᠢ ᠤᠶᠠᠯᠳᠤᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠠᠬᠢᠬᠤ ᠤᠬᠠᠮᠰᠠᠷ ᠢᠶᠠᠨ ᠴᠢᠩᠭᠠᠳᠬᠠᠬᠤ ᠶᠢ ᠲᠦᠯᠬᠢᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠩᠭᠢ ᠪᠦᠯᠦᠭ ᠵᠦᠢᠯ ᠳᠠᠷᠠᠭᠠᠯᠠᠨ ᠪᠣᠳᠠᠲᠠᠢ ᠲᠠᠢ ᠤᠶᠠᠯᠳᠤᠭᠤᠯᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠨᠡᠪᠲᠡᠷᠬᠡᠢ ᠣᠶᠢᠯᠠᠭᠠᠨ ᠣᠨᠣᠪᠴᠢᠲᠠᠢ ᠡᠵᠡᠮᠰᠢᠵᠦ᠂ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠵᠠᠯᠠᠷᠠᠭᠤᠯᠬᠤ ᠶᠢ ᠠᠬᠢᠭᠤᠯᠬᠤ ᠬᠡᠷᠡᠭᠲᠡᠢ᠃ ᠨᠡᠶᠢᠲᠡᠯᠢᠭ ᠬᠡᠷᠡᠭ ᠤᠨ ᠵᠢᠱᠢᠶ᠎ᠡ ᠪᠠ ᠳᠡᠷᠭᠡᠳᠡᠬᠢ ᠬᠥᠮᠥᠰ ᠳᠡᠷᠭᠡᠳᠡᠬᠢ ᠶᠠᠪᠤᠳᠠᠯ ᠢ ᠭᠦᠢᠴᠡᠳ ᠠᠰᠢᠭᠯᠠᠵᠤ᠂ ᠬᠡᠷᠡᠭ ᠤᠨ ᠵᠢᠱᠢᠶ᠎ᠡ ᠶᠢᠨ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ︽ᠠᠮᠢᠳᠤ ᠵᠢᠭᠠᠬᠤ ᠮᠠᠲ᠋ᠧᠷᠢᠶᠠᠯ︾ ᠢ ᠭᠦᠢᠴᠡᠳ ᠰᠠᠶᠢᠲᠤᠷ ᠬᠡᠷᠡᠭᠯᠡᠵᠦ᠂ ᠱᠠᠲᠤ ᠬᠤᠪᠢᠶᠠᠵᠤ ᠲᠦᠷᠦᠯ ᠬᠤᠪᠢᠶᠠᠵᠤ᠂ ᠰᠡᠷᠡᠮᠵᠢᠯᠡᠭᠦᠯᠬᠦ ᠬᠥᠮᠦᠵᠢᠯ ᠢ ᠤᠨᠢᠨ ᠳᠡᠭᠡᠷ᠎ᠡ ᠨᠢ ᠥᠷᠨᠢᠭᠦᠯᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠥᠪᠡᠷ ᠢ ᠪᠠᠨ ᠰᠡᠷᠡᠮᠵᠢᠯᠡᠭᠦᠯᠦᠨ ᠥᠪᠡᠷ ᠢ ᠪᠠᠨ ᠲᠤᠩᠭᠠᠬᠤ ᠶᠢ ᠦᠷᠭᠦᠯᠵᠢᠯᠡᠨ ᠱᠠᠯᠠᠪᠳᠠᠭᠤᠯᠵᠤ᠂ ᠰᠠᠬᠢᠯᠭ᠎ᠠ ᠪᠠᠲᠤ ᠡᠨᠡ ᠬᠦ ᠬᠥᠪᠴᠢ ᠶᠢ ᠴᠢᠩᠭᠠᠯᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠪᠣᠳᠠᠲᠠᠢ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠠᠶᠢᠨ ᠰᠠᠶᠢᠬᠠᠨ ᠰᠤᠷᠲᠠᠯ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠡᠶᠡᠯᠡᠭᠦᠯᠬᠦ ᠲᠠᠢ ᠨᠢᠭᠲᠠ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠬᠤ᠂ ᠬᠤᠶᠠᠷ ᠢ ᠠᠬᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ