ᠮᠠᠨ ᠤ ᠬᠤᠲᠠ ᠵᠢᠢ ᠯᠢ ᠶᠤᠸᠠᠨ ᠴᠧᠩ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ
ᠨᠡᠶᠢᠲᠡᠯᠡᠭᠰᠡᠨ ᠴᠠᠭ᠄
2024/4/16
ᠪᠤᠤ ᠭᠠᠩ  ᠾᠧ ᠬᠠᠢ ᠳ᠋ᠦᠩ ᠣᠷᠣᠯᠴᠠᠪᠠ       4 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠬᠤᠶᠢᠨ᠎ᠠ᠂ ᠮᠠᠨ ᠤ ᠬᠤᠲᠠ ᠵᠢᠢ ᠯᠢ ᠶᠤᠸᠠᠨ ᠴᠧᠩ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠲᠠᠢ ᠠᠯᠺᠣᠣᠯ ᠤᠰᠤᠲᠥ᠋ᠷᠥᠭᠴᠢ ᠶᠢᠨ ᠴᠠᠬᠢᠯᠭᠠᠨ ᠬᠥᠳᠡᠯᠭᠡᠭᠦᠷᠲᠦ ᠬᠤᠳᠠᠯᠳᠤᠭᠠᠨ ᠤ ᠮᠠᠰᠢᠨ ᠲᠡᠷᠭᠡ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠥᠪᠥᠷ ᠮᠣᠩᠭᠤᠯ ᠤᠨ ︽ᠰᠠᠯᠬᠢ ᠭᠡᠷᠡᠯ ᠤᠨ ᠡᠨᠧᠷᠭᠢ ᠶᠢ ᠤᠰᠤᠲᠥᠷᠥᠭᠴᠢᠭᠦᠯᠦᠨ ᠬᠠᠳᠠᠭᠠᠯᠠᠬᠤ ᠮᠠᠰᠢᠨ ᠲᠡᠷᠭᠡ︾ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠬᠢᠭᠡᠳ ᠠᠯᠺᠣᠣᠯ ᠤᠰᠤᠲᠥ᠋ᠷᠥᠭᠴᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠮᠧᠲ᠋ᠢᠯ ᠠᠯᠺᠣᠣᠯ ᠤᠨ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠪᠠᠷ ᠭᠤᠣᠯ ᠪᠣᠯᠭᠠᠵᠤ᠂ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠵᠠᠮ ᠲᠡᠭᠡᠭᠡᠪᠦᠷᠢ ᠶᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠦᠭ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠪᠠ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠵᠢᠢ ᠯᠢ ᠬᠤᠪᠢ ᠡᠵᠡᠮᠳᠡᠬᠦ ᠪᠦᠯᠦᠭᠯᠡᠯ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠢᠦᠢ ᠰᠢᠤᠸᠠᠢ ᠯᠢᠶᠠᠩ᠂ ᠵᠢᠢ ᠯᠢ ᠶᠤᠸᠠᠨ ᠴᠧᠩ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠤᠨ CEO ᠹᠠᠨ ᠰᠢᠶᠠᠨ ᠵᠢᠶᠦ᠋ᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃       ᠵᠢᠢ ᠯᠢ ᠶᠤᠸᠠᠨ ᠴᠧᠩ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠤᠨ ᠬᠢᠨ ᠰᠢᠨ᠎ᠡ ᠡᠨᠧᠷᠭᠢ ᠶᠢᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠯᠺᠣᠣᠯ ᠤᠰᠤᠲᠥ᠋ᠷᠥᠭᠴᠢ + ᠴᠠᠬᠢᠯᠭᠠᠨ ᠬᠥᠳᠡᠯᠭᠡᠭᠦᠷ︾ ᠬᠤᠶᠠᠷ ᠶᠡᠭᠡ ᠭᠤᠣᠯᠯᠠᠭᠴᠢ ᠮᠡᠷᠭᠡᠵᠢᠯ ᠤᠨ ᠱᠤᠭᠤᠮ ᠢ ᠪᠠᠷᠢᠮᠲᠠᠯᠠᠵᠤ᠂ ᠨᠣᠭᠤᠭᠠᠨ ᠠᠯᠺᠣᠣᠯ ᠦᠢᠯᠡᠳᠬᠦ᠂ ᠮᠧᠲ᠋ᠢᠯ ᠠᠯᠺᠣᠣᠯ ᠨᠡᠮᠡᠬᠦ᠂ ᠠᠯᠺᠣᠣᠯ ᠴᠠᠬᠢᠯᠭᠠᠨ ᠮᠠᠰᠢᠨ ᠲᠡᠷᠭᠡ ᠭᠤᠷᠪᠠ ᠶᠢ ᠨᠢᠭᠡ ᠴᠣᠭᠴᠠᠵᠢᠭᠤᠯᠤᠨ ᠬᠠᠮᠵᠢᠯᠴᠠᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠪᠠ᠃ ᠵᠥᠪᠯᠡᠯᠴᠡᠭᠡᠷ ᠢ ᠦᠨᠳᠦᠰᠦᠯᠡᠪᠡᠯ᠂ ᠵᠢᠢ ᠯᠢ ᠶᠤᠸᠠᠨ ᠴᠧᠩ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠬᠥᠬᠡᠬᠤᠲᠠ ᠳᠤ ᠪᠡᠯᠡ ᠣᠷᠣᠭᠤᠯᠤᠨ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠣᠷᠣᠨ ᠪᠦᠰᠡ ᠶᠢᠨ ᠦᠢᠯᠡᠳᠪᠦᠷᠢ ᠪᠠᠶᠢᠭᠤᠯᠬᠤ ᠶᠢᠨ ᠬᠠᠮᠲᠤ ᠪᠦᠯᠦᠭᠯᠡᠯ ᠤᠨ ᠬᠠᠷᠢᠶᠠᠨ ᠤ ᠣᠶᠤᠨᠲᠤ ᠰᠦᠯᠵᠢᠶᠡᠨ ᠤ ᠲᠡᠭᠡᠭᠡᠪᠦᠷᠢ ᠶᠢᠨ ᠬᠦᠴᠦᠨ ᠤ ᠲᠠᠪᠴᠠᠩ ᠳᠤ ᠢᠳᠡᠪᠬᠢᠲᠡᠢ ᠤᠷᠤᠭᠤᠯᠵᠤ᠂ ᠮᠠᠰᠢᠨ ᠲᠡᠷᠭᠡ ᠦᠢᠯᠡᠳᠬᠦ᠂ ᠡᠵᠡᠩᠨᠡᠬᠦ᠂ ᠦᠢᠯᠡᠴᠢᠯᠡᠬᠦ ᠵᠢᠴᠢ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢ ᠲᠦᠷᠭᠡᠪᠴᠢᠯᠡᠨ ᠪᠣᠶ ᠪᠣᠯᠭᠠᠨ᠎ᠠ᠃       ᠭᠡᠷ᠎ᠡ ᠲᠣᠭᠲᠠᠬᠤ ᠠᠴᠠ ᠡᠮᠦᠨ᠎ᠡ᠂  ᠪᠤᠤ ᠭᠠᠩ ᠢᠦᠢ ᠰᠢᠤᠸᠠᠢ ᠯᠢᠶᠠᠩ ᠨᠠᠷ ᠲᠠᠢ ᠠᠭᠤᠯᠵᠠᠵᠤ᠂ ᠬᠥᠬᠡᠬᠤᠲᠠ ᠶᠢᠨ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢ ᠬᠥᠭᠵᠢᠭᠦᠯᠬᠦ ᠣᠷᠣᠨ ᠪᠠᠶᠢᠷᠢ᠂ ᠡᠨᠧᠷᠭᠢ᠂ ᠬᠡᠷᠡᠭᠯᠡᠭᠡᠨ ᠤ ᠠᠬᠤᠢ ᠵᠡᠷᠭᠡ ᠳᠠᠪᠠᠭᠤᠯᠢᠭ ᠢ ᠲᠠᠨᠢᠯᠴᠠᠭᠤᠯᠵᠤ᠂ ᠠᠵᠤ ᠠᠬᠤᠶᠢᠯᠠᠯ ᠤᠨ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠬᠦ ᠶᠢᠨ ᠬᠠᠮᠲᠤ ᠲᠤᠰ ᠤᠳᠠᠭ᠎ᠠ ᠶᠢᠨ ᠭᠡᠷ᠎ᠡ ᠲᠣᠭᠲᠠᠬᠤ ᠪᠠᠷ ᠠᠵᠠ ᠲᠣᠬᠢᠶᠠᠯ ᠪᠣᠯᠭᠠᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠴᠢᠨᠠᠭᠰᠢᠳᠠ ᠥᠷᠭᠡᠳᠬᠡᠵᠦ᠂ ᠬᠥᠬᠡᠬᠤᠲᠠ ᠶᠢᠨ ᠰᠢᠨ᠎ᠡ ᠡᠨᠧᠷᠭᠢ ᠶᠢᠨ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠬᠤ ᠶᠢ ᠬᠦᠰᠡᠪᠡ᠃       ᠢᠦᠢ ᠰᠢᠤᠸᠠᠢ ᠯᠢᠶᠠᠩ ᠤᠨ ᠦᠵᠡᠬᠦ ᠪᠠᠷ᠂ ᠬᠥᠬᠡᠬᠤᠲᠠ ᠶᠢᠨ ᠬᠢᠨ ᠠᠯᠺᠣᠣᠯ ᠤᠰᠤᠲᠥ᠋ᠷᠥᠭᠴᠢ ᠶᠢᠨ ᠴᠠᠬᠢᠯᠭᠠᠨ ᠬᠥᠳᠡᠯᠭᠡᠭᠦᠷᠲᠦ ᠬᠤᠳᠠᠯᠳᠤᠭᠠᠨ ᠤ ᠮᠠᠰᠢᠨ ᠲᠡᠷᠭᠡ ᠶᠢ ᠬᠥᠭᠵᠢᠭᠦᠯᠬᠦ ᠳᠤ ᠳᠠᠪᠠᠭᠤᠯᠢᠭ ᠲᠠᠢ᠂ ᠳᠠᠯᠳᠠ ᠬᠦᠴᠦᠨ ᠲᠠᠢ᠂ ᠵᠢᠢ ᠯᠢ ᠬᠥᠬᠡᠬᠤᠲᠠ ᠳᠠᠬᠢ ᠲᠦᠷᠦᠯ ᠵᠦᠢᠯ ᠤᠨ ᠪᠠᠶᠢᠷᠢᠰᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃       ᠯᠢᠦ ᠵᠢᠢ ᠶᠢᠩ᠂ ᠯᠢᠦ ᠵᠠᠨ ᠶᠢᠩ᠂ ᠲᠠᠯ᠎ᠠ ᠵᠢᠴᠢ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ