ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 4 ᠳ᠋ᠦ᠋ᠭᠡᠷ ᠤᠳᠠᠭ᠎ᠠ ᠶᠢᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/16
ᠾᠧ ᠬᠠᠢ ᠳ᠋ᠦᠩ ᠬᠤᠷᠠᠯ ᠢ ᠡᠷᠬᠢᠯᠡᠪᠡ       4 ᠳ᠋ᠦ᠋ᠭᠡᠷ ᠰᠠᠷ᠎ᠠ ᠶᠢᠨ 15  ᠤ ᠡᠳᠦᠷ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 4 ᠳ᠋ᠦ᠋ᠭᠡᠷ ᠤᠳᠠᠭ᠎ᠠ ᠶᠢᠨ ᠬᠤᠷᠠᠯ ᠵᠢᠴᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠵᠤ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠥᠰᠥᠯ︾ ᠢ ᠬᠢᠨᠠᠨ ᠵᠥᠪᠯᠡᠵᠦ ᠪᠠᠲᠤᠯᠠᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠪᠠ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃       ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠬᠢᠯᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠬᠠᠷᠠᠯᠲᠠ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠵᠢᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠨᠠᠷ ᠰᠠᠶᠢᠲᠠᠢ ᠠᠬᠢᠭᠤᠯᠵᠤ᠂ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠣᠶᠢᠯᠠᠭᠠᠵᠤ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠡᠢ᠃       ᠬᠤᠷᠠᠯ ᠠᠴᠠ ᠱᠠᠭᠠᠷᠳᠠᠭᠰᠠᠨ ᠨᠢ᠂ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠶᠢ ᠲᠣᠬᠢᠷᠠᠭᠤᠯᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂  ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠠᠶᠤᠯᠭᠦᠢ ᠦᠢᠯᠡᠳᠪᠦᠷᠢᠯᠡᠯ᠂ ᠬᠠᠯᠠᠭᠤᠨ ᠳᠤᠯᠠᠭᠠᠨ ᠤ ᠢᠨᠵᠧᠨᠧᠷᠢᠩ᠂ ᠬᠠᠪᠤᠷ ᠤᠨ ᠤᠯᠠᠷᠢᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠡᠩ ᠤᠯᠠᠨ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠣᠷᠣᠨ ᠤ ᠲᠥᠪ ᠬᠤᠲᠠ ᠶᠢᠨ ᠡᠯ᠎ᠡ ᠵᠦᠢᠯ ᠤᠨ ᠠᠵᠢᠯ ᠢ ᠪᠦᠬᠦ ᠣᠷᠣᠨ ᠤ ᠲᠡᠷᠢᠭᠦᠨ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠭᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ