ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠠᠶᠢᠬᠠᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠤᠷᠠᠯ ᠬᠤᠷᠠᠯᠳᠤᠭᠤᠯᠵᠤ  ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠵᠢᠯ ᠢ ᠲᠤᠰᠬᠠᠢ ᠰᠡᠳᠦᠪ ᠢᠶᠠᠷ ᠰᠤᠳᠤᠯᠵᠤ  ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ︽ᠳᠠᠭᠠᠭᠤᠯᠤᠭᠴᠢ︾ ᠪᠣᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2024/4/17
ᠪᠤᠤ ᠭᠠᠩ ᠬᠤᠷᠠᠯ ᠢ ᠡᠷᠬᠢᠯᠡᠵᠠᠢ       ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠠᠶᠢᠬᠠᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠬᠤᠷᠠᠯ ᠬᠤᠷᠠᠯᠳᠤᠭᠤᠯᠵᠤ᠂ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠠᠵᠢᠯ ᠢ ᠲᠤᠰᠬᠠᠢ ᠰᠡᠳᠦᠪ ᠢᠶᠠᠷ ᠰᠤᠳᠤᠯᠬᠤ ᠶᠢᠨ ᠬᠠᠮᠲᠤ᠂ 19 ᠠᠵᠤ ᠠᠬᠤᠶᠢᠯᠠᠯ ᠢ ᠤᠷᠢᠵᠤ᠂ ᠨᠡᠭᠡᠭᠡᠯᠲᠡ ᠶᠢᠨ ᠲᠣᠭᠤᠷᠢᠭ ᠤᠨ ᠬᠥᠭᠵᠢᠯᠲᠡ ᠪᠣᠯᠣᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠤᠯᠠᠨ ᠤ ᠰᠠᠨᠠᠯ ᠢ ᠨᠢᠭᠤᠷᠳᠠᠨ ᠰᠣᠨᠣᠰᠴᠤ᠂ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠵᠦ᠂ ᠨᠡᠭᠡᠭᠡᠯᠲᠡ ᠶᠢᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠬᠤᠷᠠᠯ ᠢ ᠡᠷᠬᠢᠯᠡᠪᠡ᠃       ᠲᠤᠰ ᠤᠳᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠰᠠᠶᠢᠳᠤᠷ ᠬᠤᠷᠠᠯᠳᠤᠭᠤᠯᠬᠤ ᠶᠢᠨ ᠲᠦᠯᠦᠭᠡ᠂ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠰᠠᠢ ᠱᠧᠩ ᠰᠢᠨ᠎ᠡ ᠮᠠᠲ᠋ᠧᠷᠢᠶᠠᠯ ᠤᠨ ᠺᠣᠮᠫᠠᠨᠢ ᠶᠢᠨ ᠨᠢᠭᠡᠳᠦᠭᠡᠷ ᠬᠤᠭᠤᠴᠠᠭ᠎ᠠ ᠪᠠ ᠰᠠᠢ ᠱᠧᠩ 5GW᠂  ᠵᠦᠩ ᠬᠤᠸᠠᠨ ᠤ 20GW ᠬᠡᠷᠡᠯ ᠴᠡᠨᠡᠭ ᠤᠨ ᠳᠠᠪᠬᠤᠴᠠᠮᠠᠯ ᠲᠣᠨᠣᠭᠯᠠᠭᠠᠰᠤ ᠶᠢᠨ ᠲᠦᠷᠦᠯ ᠵᠦᠢᠯ ᠵᠢᠴᠢ ᠰᠢᠨ ᠬᠤᠸᠠᠨ ᠴᠠᠬᠢᠭᠤᠷ ᠤᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ ᠳᠤ ᠭᠦᠨᠵᠡᠭᠡᠶᠢᠷᠡᠵᠦ᠂ ᠰᠠᠶᠢᠬᠠᠨ ᠲᠣᠭᠤᠷᠢᠭ ᠤᠨ ᠬᠦᠷᠢᠶᠡᠯᠡᠩ ᠲᠣᠭᠤᠷᠢᠭ ᠤᠨ ᠬᠥᠭᠵᠢᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠣᠳᠠᠲᠠᠢ ᠭᠠᠵᠠᠷ ᠲᠤᠨᠢ ᠣᠶᠢᠯᠠᠭᠠᠭᠰᠠᠨ ᠪᠥᠭᠡᠳ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠨᠡᠩ ᠤᠯᠠᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠥᠬᠡᠬᠤᠲᠠ ᠳᠤ ᠴᠤᠭᠯᠠᠷᠠᠬᠤ ᠶᠢ ᠳᠠᠶᠢᠴᠢᠯᠠᠵᠤ᠂ ᠠᠵᠤ ᠦᠢᠯᠡᠰ ᠬᠡᠯᠬᠢᠶᠡᠵᠢᠨ ᠪᠦᠯᠦᠭᠵᠢᠬᠦ ᠶᠢ ᠠᠬᠢᠭᠤᠯᠬᠤ ᠶᠢ ᠵᠤᠷᠢᠭᠵᠢᠭᠤᠯᠪᠠ᠃       ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠬᠤᠲᠠ  ᠶᠢᠨ ᠨᠠᠮ ᠤᠨ ᠬᠤᠷᠢᠶᠠᠨ ᠤ ᠪᠠᠶᠢᠩᠭᠤ  ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠵᠢᠨᠱᠠᠨ ᠤ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠰᠠᠨᠰᠠᠷ ᠤᠨ ᠠᠶᠠᠯᠠᠯ ᠤᠨ ᠨᠡᠭᠡᠭᠡᠯᠲᠡ  ᠶᠢᠨ ᠲᠣᠭᠤᠷᠢᠭ ᠤᠨ ᠭᠤᠣᠯᠳᠠᠯᠭ᠎ᠠ ᠲᠠᠢ ᠠᠵᠢᠯ ᠵᠢᠴᠢ ᠬᠤᠲᠠ ᠶᠢᠨ ᠨᠠᠮ ᠤᠨ ᠬᠤᠷᠢᠶ᠎ᠠ ᠪᠣᠯᠣᠨ ᠬᠤᠲᠠ ᠶᠢᠨ ᠵᠠᠰᠠᠭ ᠤᠨ ᠣᠷᠳᠣᠨ ᠠᠴᠠ ᠰᠤᠳᠤᠯᠤᠨ ᠳᠡᠮᠵᠢᠬᠦ ᠴᠢᠬᠤᠯᠠᠲᠠᠢ ᠵᠦᠢᠯᠡᠰ ᠢ ᠰᠣᠨᠣᠰᠪᠠ᠃ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠵᠢᠷᠭᠤᠳᠤᠭᠠᠷ ᠰᠤᠳᠤᠯᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠴᠢᠯᠠᠭᠤᠨ ᠳᠤᠰᠤᠨ ᠤ ᠺᠣᠮᠫᠠᠨᠢ ᠶᠢᠨ ᠬᠥᠬᠡᠬᠤᠲᠠ ᠶᠢᠨ ᠴᠢᠯᠠᠭᠤᠨ ᠳᠤᠰᠤᠨ ᠤ ᠬᠢᠮᠢ ᠶᠢᠨ ᠠᠵᠤ ᠦᠢᠯᠡᠳᠪᠦᠷᠢ ᠶᠢᠨ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠰᠠᠢ ᠱᠧᠩ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠱᠠᠩᠬᠠᠢ ᠶᠢᠨ ᠬᠤᠩ ᠶᠢᠩ ᠣᠶᠤᠨᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠱᠠᠨᠰᠢ ᠶᠢᠨ ᠵᠦᠩ ᠰᠢᠨ ᠹᠦ᠋ ᠱᠧᠩ ᠡᠯᠧᠺᠲᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠳ ᠬᠥᠬᠡᠬᠤᠲᠠ ᠳᠠᠬᠢ ᠬᠥᠭᠵᠢᠯᠲᠡ ᠶᠢᠨ ᠲᠥᠯᠦᠪᠵᠢᠭᠦᠯᠭᠡ᠂ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠵᠢᠴᠢ ᠰᠢᠢᠳᠪᠦᠷᠢᠯᠡᠬᠦ ᠴᠢᠬᠤᠯᠠᠲᠠᠢ ᠵᠦᠢᠯᠡᠰ ᠢ ᠲᠠᠨᠢᠯᠴᠠᠭᠤᠯᠵᠠᠢ᠃ ᠪᠠᠶᠢᠩᠭᠤ ᠶᠢᠨ ᠬᠤᠷᠢᠶ᠎ᠠ ᠲᠤᠬᠠᠢ ᠶᠢᠨ ᠲᠠᠯᠠᠪᠤᠷ ᠲᠤ ᠰᠤᠳᠤᠯᠤᠨ ᠬᠠᠷᠢᠭᠤᠯᠲᠠ ᠦᠭᠪᠡ᠃       ᠬᠤᠷᠠᠯ ᠠᠴᠠ ᠰᠠᠶᠢᠬᠠᠨ ᠲᠣᠭᠤᠷᠢᠭ ᠤᠨ 2023 ᠣᠨ ᠳᠤ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠰᠠᠶᠢᠬᠠᠨ ᠲᠣᠭᠤᠷᠢᠭ ᠪᠣᠯ ᠬᠤᠳᠠ ᠶᠢᠨ ᠲᠦᠷᠪᠡᠨ ᠲᠣᠭᠤᠷᠢᠭ ᠤᠨ ᠳᠣᠲᠣᠷᠠᠬᠢ ᠲᠠᠯᠠᠪᠠᠢ ᠪᠠᠷ ᠬᠠᠮᠤᠭ ᠤᠨ ᠶᠡᠭᠡ᠂ ᠬᠥᠮᠥᠨ ᠠᠮᠠ ᠪᠠᠷ ᠬᠠᠮᠤᠭ ᠤᠨ ᠤᠯᠠᠨ᠂ ᠠᠵᠤ ᠠᠬᠤᠢ ᠶᠢᠨ ᠰᠠᠭᠤᠷᠢ ᠪᠠᠷ ᠬᠠᠮᠤᠭ ᠤᠨ ᠰᠠᠶᠢᠨ ᠲᠣᠭᠤᠷᠢᠭ ᠪᠣᠯᠣᠨ᠎ᠠ᠂ ᠡᠷᠬᠡᠪᠰᠢ ᠶᠡᠭᠡ ᠬᠠᠷᠠᠭᠠᠰᠤ ᠶᠡᠭᠡ ᠪᠠᠶᠢᠷᠢᠰᠢᠯ ᠢᠶᠠᠷ ᠢᠷᠡᠭᠡᠳᠦᠢ ᠶᠢᠨ ᠬᠥᠭᠵᠢᠯᠲᠡ ᠶᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠤᠯᠤᠰ ᠤᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠳᠬᠤᠵᠤ᠂ ᠪᠣᠳᠠᠲᠤ ᠴᠣᠭᠴᠠ ᠶᠢᠨ ᠠᠵᠤ ᠠᠬᠤᠢ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠶᠡᠬᠡᠪᠡᠷ ᠠᠳᠬᠤᠵᠤ᠂ ᠨᠡᠭᠡᠭᠡᠯᠲᠡ ᠶᠢᠨ ᠲᠣᠭᠤᠷᠢᠭ ᠤᠨ ᠠᠵᠤ ᠠᠬᠤᠢ ᠶᠢᠨ ᠪᠠᠭᠲᠠᠭᠠᠮᠵᠢ ᠶᠢ ᠲᠦᠷᠭᠡᠨ ᠪᠤᠵᠠᠭᠠᠶᠢᠷᠠᠭᠤᠯᠵᠤ᠂ ︽ᠮᠢᠩᠭᠠᠨ ᠳ᠋ᠦᠩᠰᠢᠭᠤᠷ ᠤᠨ ᠲᠡᠰ︾ ᠤᠨ ᠬᠦᠷᠢᠶᠡᠯᠡᠩ ᠲᠣᠭᠤᠷᠢᠭ ᠢ ᠪᠠᠶᠢᠭᠤᠯᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠪᠠᠷᠠᠭᠠᠯᠬᠢᠯᠠᠯ ᠤᠨ ᠴᠢᠨᠠᠷᠲᠠᠢ ᠪᠠᠷ ᠲᠣᠳᠣᠷᠬᠠᠢ ᠪᠣᠯᠭᠠᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠬᠦ ᠶᠢ ᠲᠦᠷᠭᠡᠳᠬᠡᠵᠦ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ︽ᠡᠨᠧᠷᠭᠢ ᠬᠢᠮᠢ ᠶᠢ ᠨᠢᠭᠡ ᠴᠣᠭᠴᠠᠵᠢᠭᠤᠯᠬᠤ︾ ᠪᠠ ᠭᠡᠷᠡᠯ ᠴᠡᠨᠡᠭ ᠤᠨ ᠠᠵᠤ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ︔ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠦᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠪᠠᠶᠢᠷᠢᠰᠢᠭᠤᠯᠵᠤ᠂ ᠴᠢᠫ ᠦᠢᠯᠡᠳᠬᠦ᠂ ᠬᠢᠮᠡᠯ ᠣᠶᠤᠨ᠂ ᠳᠣᠬᠢᠭᠤᠷ ᠲᠤᠯᠤᠭᠠᠨ ᠤ ᠬᠡᠷᠡᠭᠯᠡᠯᠲᠡ᠂ ᠳᠣᠣᠷ᠎ᠠ ᠤᠭᠲᠤᠷᠭᠤᠢ ᠶᠢᠨ ᠠᠵᠤ ᠠᠬᠤᠢ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠤᠰᠤᠲᠥ᠋ᠷᠥᠭᠴᠢ ᠪᠣᠯᠭᠠᠨ ᠡᠨᠧᠷᠭᠢ ᠬᠠᠳᠠᠭᠠᠯᠠᠬᠤ ᠵᠡᠷᠭᠡ ᠠᠵᠤ ᠦᠢᠯᠡᠰ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠬᠡᠷᠡᠭᠲᠡᠢ︔ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠡᠯᠡᠰᠦᠨ ᠳᠠᠪᠠᠭ᠎ᠠ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠤᠮᠳᠠᠳᠤ ᠡᠸᠦ᠋ᠷᠦᠫᠡ᠂ ᠳᠤᠮᠳᠠᠳᠤ ᠠᠽᠢᠶ᠎ᠠ ᠶᠢᠨ  ᠵᠢᠰᠢᠶᠡᠨ ᠶᠢᠨ ᠭᠠᠯᠲᠤ ᠲᠡᠷᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠪᠠ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃  ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠦᠨᠳᠦᠰᠦᠨ ᠠᠴᠠ ᠨᠢ ᠰᠠᠶᠢᠵᠢᠷᠠᠭᠤᠯᠤᠨ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠦᠷᠦ ᠶᠢᠨ ᠪᠣᠳᠣᠯᠭ᠎ᠠ ᠶᠢᠨ ᠠᠮᠠᠯᠠᠯᠲᠠ ᠪᠠᠨ ᠢᠳᠡᠪᠬᠢᠲᠡᠢ ᠪᠡᠶᠡᠯᠡᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ ᠰᠢᠢᠳᠪᠦᠷᠢᠯᠡᠬᠦ ᠶᠢ ᠪᠥᠬᠦ ᠲᠠᠯ᠎ᠠ ᠪᠠᠷ ᠠᠬᠢᠭᠤᠯᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ ᠬᠡᠷᠡᠭ ᠶᠠᠪᠤᠳᠠᠯ ᠰᠢᠢᠳᠪᠦᠷᠢᠯᠡᠬᠦ ᠶᠢ ᠪᠠᠷᠢᠮᠲᠠᠯᠠᠨ᠂ ᠬᠠᠮᠢᠶᠠᠷᠬᠤ ᠶᠣᠰᠣᠲᠠᠢ ᠬᠡᠷᠡᠭ ᠶᠠᠪᠤᠳᠠᠯ ᠢ ᠰᠠᠶᠢᠲᠤᠷ ᠬᠠᠮᠢᠶᠠᠷᠴᠤ᠂ ᠬᠠᠮᠢᠶᠠᠷᠬᠤ ᠴᠢᠬᠤᠯᠠ ᠦᠭᠡᠢ ᠶᠢ ᠨᠢ ᠵᠠᠬ᠎ᠠ ᠳᠡᠯᠭᠡᠭᠦᠷ ᠲᠤ ᠲᠠᠯᠪᠢᠵᠤ᠂ ᠤᠴᠢᠷ ᠦᠭᠡᠢ ᠪᠣᠯ ᠬᠠᠷᠰᠢᠯᠠᠬᠤ ᠦᠭᠡᠢ᠂ ᠬᠦᠰᠡᠭᠰᠡᠨ ᠪᠦᠬᠦᠨ ᠢ ᠨᠢ ᠪᠡᠶᠡᠯᠡᠭᠦᠯᠬᠦ ᠬᠡᠷᠡᠭᠲᠡᠢ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠠᠰᠠᠭᠤᠳᠠᠯ ᠢ ᠰᠢᠢᠳᠪᠦᠷᠢᠯᠡᠵᠦ᠂ ᠬᠦᠷᠢᠶᠡᠯᠡᠩ ᠲᠣᠭᠤᠷᠢᠭ ᠤᠨ ᠴᠠᠬᠢᠯᠭᠠᠨ ᠬᠦᠴᠦ᠂ ᠰᠢᠲᠠᠮᠠᠬᠠᠢ ᠬᠡᠢ᠂ ᠢᠯᠴᠢ ᠬᠠᠩᠭᠠᠬᠤ᠂ ᠤᠰᠤ ᠬᠠᠩᠭᠠᠬᠤ᠂ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠤᠲᠠ ᠶᠢᠨ ᠭᠡᠷ ᠤᠨ ᠬᠡᠷᠡᠭᠰᠡᠯ ᠢ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠣᠲᠣ ᠦᠶ᠎ᠡ ᠶᠢᠨ ᠨᠡᠭᠡᠭᠡᠯᠲᠡ ᠶᠢᠨ ᠲᠣᠭᠤᠷᠢᠭ ᠤᠨ ᠰᠠᠶᠢᠨ ᠰᠠᠶᠢᠬᠠᠨ ᠳᠦᠷᠢ ᠳᠦᠷᠬᠦ ᠶᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃       ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ ᠤᠨ ᠠᠵᠢᠯ ᠳᠤ ᠪᠠᠶᠢᠷᠢᠯᠠᠭᠤᠯᠤᠯᠲᠠ ᠬᠢᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ