ᠤᠷᠢᠨ ᠬᠠᠪᠤᠷ ᠤᠨ ᠤᠷᠠᠨ ︽ᠤᠩᠰᠢᠯᠭ᠎ᠠ︾
ᠨᠡᠶᠢᠲᠡᠯᠡᠭᠰᠡᠨ ᠴᠠᠭ᠄
2024/4/17
0417.jpg
      ᠣᠶᠢᠷ᠎ᠠ ᠳᠤ᠂ ︽ᠰᠤᠩᠭᠤᠳᠠᠭ ᠪᠦᠲᠦᠭᠡᠯ ᠢᠶᠠᠷ ᠳᠤᠮᠳᠠᠳᠤ ᠪᠠᠨ ᠭᠡᠶᠢᠭᠦᠯᠬᠦ ︾ ᠤᠩᠰᠢᠯᠭ᠎ᠠ ᠶᠢᠨ ᠶᠡᠭᠡ ᠬᠤᠷᠠᠯ ᠵᠢᠴᠢ ᠬᠥᠬᠡᠬᠤᠲᠠ ᠶᠢᠨ ᠵᠢᠷᠭᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠠᠮᠲᠤ ᠪᠠᠷ ᠤᠩᠰᠢᠬᠤ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠶᠠᠪᠤᠭᠳᠠᠪᠠ᠃ ᠲᠤᠰ ᠤᠳᠠᠭᠠᠨ ᠤ ᠠᠵᠢᠯᠯᠠᠭ᠎ᠠ ᠶᠢ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠤᠯᠯᠠᠨ ᠡᠷᠬᠢᠯᠡᠵᠤ᠂ ᠬᠤᠲᠠ ᠶᠢᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠪ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ    ᠠᠴᠠ ᠳᠠᠭᠠᠭᠠᠴᠢᠯᠠᠨ ᠡᠷᠬᠢᠯᠡᠵᠤ᠂ ᠪᠦᠬᠦ ᠠᠷᠠᠳ ᠤᠨ ᠤᠩᠰᠢᠯᠭ᠎ᠠ  ᠶᠢᠨ ᠠᠵᠢᠯᠯᠠᠭ᠎ᠠ  ᠶᠢ ᠭᠦᠨᠵᠡᠭᠡᠶᠢᠷᠡᠭᠦᠯᠬᠦ ᠲᠤᠬᠠᠢ ᠨᠠᠮ ᠤᠨ ᠬᠤᠷᠢᠳᠤᠭᠠᠷ ᠶᠡᠭᠡ ᠬᠤᠷᠠᠯ ᠤᠨ ᠴᠢᠬᠤᠯᠠ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠣᠮ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠠᠭᠰᠢ ᠰᠤᠷᠤᠭᠴᠢᠳ ᠤᠨ ᠤᠩᠰᠢᠯᠭ᠎ᠠ  ᠶᠢᠨ ᠤᠷᠮ᠎ᠠ ᠪᠠᠬ᠎ᠠ ᠪᠣᠯᠣᠨ ᠰᠣᠶᠣᠯ ᠤᠨ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠬᠦ  ᠶᠢᠨ ᠬᠠᠮᠲᠤ ᠪᠦᠬᠦ ᠬᠤᠲᠠ ᠶᠢᠨ ᠲᠠᠪᠤᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠠᠮᠲᠤ ᠪᠠᠷ ᠤᠩᠰᠢᠬᠤ ᠠᠵᠢᠯᠯᠠᠭ᠎ᠠ ᠶᠢᠨ ᠳᠤᠮᠳᠠ ᠰᠢᠯᠢᠳᠡᠭ ᠰᠠᠶᠢᠨ ᠢᠯᠡᠷᠡᠯ ᠲᠠᠢ ᠬᠠᠮᠲᠤ ᠨᠡᠶᠢᠲᠡ ᠶᠢ ᠬᠥᠬᠢᠭᠦᠯᠦᠨ ᠰᠠᠶᠢᠰᠢᠶᠠᠵᠤ᠂ ᠨᠣᠮ ᠤᠨ ᠰᠤᠷᠪᠤᠯᠵᠢᠲᠤ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠪᠣᠯᠣᠨ ᠤᠩᠰᠢᠯᠭ᠎ᠠ ᠶᠢ ᠳᠡᠯᠭᠡᠷᠡᠭᠦᠯᠬᠦ ᠲᠤᠷᠰᠢᠯᠭ᠎ᠠ ᠶᠢ ᠬᠤᠪᠢᠶᠠᠯᠴᠠᠬᠤ ᠶᠢ ᠵᠤᠷᠢᠪᠠ᠃ ᠵᠢᠷᠤᠭ ᠪᠣᠯ ᠰᠤᠷᠤᠭᠴᠢᠳ ︽ᠳᠤᠮᠳᠠᠳᠤ ᠤᠯᠤᠰ ᠤᠨ ᠤᠯᠠᠭᠠᠨ︾ ᠭᠡᠬᠦ ᠰᠢᠯᠦᠭ ᠢ ᠤᠶᠠᠩᠭᠠᠯᠠᠨ ᠤᠩᠰᠢᠵᠤ ᠪᠠᠶᠢᠭ᠎ᠠ ᠨᠢ᠃       ᠰᠤᠷᠪᠤᠯᠵᠢᠯᠠᠭᠴᠢ ᠵᠠᠩ ᠢ ᠲᠤᠤ   ᠳᠠᠳᠤᠯᠭ᠎ᠠ ᠶᠢᠨ ᠰᠤᠷᠪᠤᠯᠵᠢᠯᠠᠭᠴᠢ ᠷᠦᠸᠧ ᠬᠥ᠋ ᠰᠡᠭᠦᠳᠡᠷᠯᠡᠪᠡ
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ