ᠾᠧ ᠬᠠᠢ ᠳ᠋ᠦᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠴᠤ ᠠᠭᠤᠯᠵᠠᠪᠠ
ᠨᠡᠶᠢᠲᠡᠯᠡᠭᠰᠡᠨ ᠴᠠᠭ᠄
2024/4/18
       ︵ᠰᠤᠷᠪᠤᠯᠵᠢᠯᠠᠭᠴᠢ ᠠᠷᠢᠭᠤᠨ᠎ᠠ︶ 4 ᠳ᠋ᠦ᠋ᠭᠡᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ ᠠᠭᠤᠯᠵᠠᠬᠤ ᠳᠠᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ ᠪᠡᠶ᠎ᠡ ᠪᠠᠷ ᠢᠶᠠᠨ ᠣᠴᠢᠵᠤ᠂ ᠪᠠᠶᠢᠷᠢ ᠰᠣᠯᠢᠵᠤ ᠪᠣᠳᠣᠯᠬᠢᠯᠠᠨ᠂ ᠬᠠᠶᠢᠷ᠎ᠠ ᠰᠡᠳᠬᠢᠯᠭᠡ ᠪᠠ ᠬᠠᠷᠢᠭᠤᠴᠠᠯᠭ᠎ᠠ ᠲᠠᠢ ᠪᠠᠷ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠳᠠ ᠶᠢᠨ ᠰᠣᠷᠪᠤᠯᠵᠢᠯᠠᠭ᠎ᠠ ᠶᠢ ᠬᠦᠯᠢᠶᠡᠨ ᠠᠪᠬᠤ ᠬᠠᠮᠲᠤᠷᠠᠭᠰᠠᠨ ᠦᠢᠯᠡᠴᠢᠯᠡᠭᠡᠨ ᠤ ᠲᠥᠪ ᠲᠤ᠂ ᠾᠧ ᠬᠠᠢ ᠳ᠋ᠦᠩ ᠤᠷᠢᠳ ᠬᠤᠵᠢᠳ 3 ᠪᠦᠯᠦᠭ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ ᠠᠭᠤᠯᠵᠠᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠠᠰᠠᠭᠤᠳᠠᠯ ᠤᠨ ᠤᠴᠢᠷ ᠰᠢᠯᠲᠠᠭᠠᠨ ᠢ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠠᠶᠢᠳᠠᠯ ᠪᠣᠯᠣᠨ ᠲᠦᠷᠦ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠠᠰᠠᠭᠤᠳᠠᠯ ᠤᠨ ᠵᠠᠩᠭᠢᠯᠠᠭ᠎ᠠ ᠶᠢ ᠵᠠᠳᠠᠯᠵᠤ᠂ ᠰᠢᠢᠳᠪᠦᠷᠢᠯᠡᠬᠦ ᠠᠷᠭ᠎ᠠ ᠶᠢ ᠰᠤᠳᠤᠯᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠲᠤᠰᠢᠶᠠᠨ ᠥᠭᠴᠦ ᠰᠢᠢᠳᠪᠦᠷᠢᠯᠡᠭᠦᠯᠵᠦ᠂ ᠬᠠᠷᠢᠭᠤᠴᠠᠯᠭ᠎ᠠ ᠲᠠᠢ ᠨᠢᠭᠡᠴᠢ᠂ ᠬᠠᠷᠢᠭᠤᠴᠠᠯᠭ᠎ᠠ ᠲᠠᠢ ᠬᠥᠮᠥᠨ ᠪᠣᠯᠣᠨ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃       ᠾᠧ ᠬᠠᠢ ᠳ᠋ᠦᠩ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ      ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠣᠪᠣᠶᠢᠮ᠎ᠠ ᠵᠥᠷᠢᠴᠡᠯ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠨᠠᠮᠳᠠᠭᠤᠯᠤᠨ ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠪᠠ ᠮᠥᠷᠳᠡᠨ ᠱᠠᠯᠠᠪᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠵᠥᠷᠢᠴᠡᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠰᠣᠶᠣᠭᠠᠯᠠᠯ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ᠃ ︽ᠦᠩᠭᠡᠨ ᠲᠠᠯ᠎ᠠ ᠶᠢ ᠵᠠᠰᠠᠬᠤ ᠪᠠ ᠦᠨᠳᠦᠰᠦ ᠠᠴᠠ ᠨᠢ ᠵᠠᠰᠠᠬᠤ︾ ᠶᠢ ᠵᠡᠷᠭᠡᠪᠡᠷ ᠠᠬᠢᠭᠤᠯᠬᠤ ᠶᠢ ᠪᠠᠷᠢᠮᠲᠠᠯᠠᠵᠤ᠂ ︽ᠨᠢᠭᠡ ᠶᠠᠪᠤᠳᠠᠯ︾ ᠢ ᠰᠢᠢᠳᠪᠦᠷᠢᠯᠡᠬᠦ ᠪᠠᠷ ᠳᠠᠮᠵᠢᠨ ︽ᠨᠢᠭᠡ ᠲᠦᠷᠦᠯ ᠤᠨ ᠶᠠᠪᠤᠳᠠᠯ︾  ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ  ᠮᠡᠳᠡᠬᠦ ᠳᠡᠭᠡᠨ ᠴᠢᠳᠠᠮᠠᠭᠠᠢ ᠪᠠᠶᠢᠵᠤ᠂ ᠵᠠᠬᠢᠳᠠᠯ ᠰᠣᠷᠪᠤᠯᠵᠢᠯᠠᠭ᠎ᠠ ᠶᠢᠨ ᠣᠨᠴᠠᠭᠠᠢ ᠬᠡᠷᠡᠭ ᠢᠶᠠᠷ ᠳᠠᠮᠵᠢᠨ ᠨᠡᠶᠢᠲᠡᠴᠢ ᠴᠢᠨᠠᠷᠲᠠᠢ ᠠᠰᠠᠭᠤᠳᠠᠯ ᠢ ᠡᠷᠢᠵᠦ᠂ ᠠᠵᠢᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠠᠵᠢᠯ ᠢᠶᠠᠨ ᠦᠨᠡᠨᠬᠦ ᠤᠯᠠᠨ ᠲᠦᠮᠡᠨ ᠤ ᠰᠡᠳᠬᠢᠯ ᠳᠤ ᠬᠠᠳᠠᠩᠰᠢᠭᠤᠯᠵᠤ᠂ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ ᠦᠢᠯᠡᠴᠢᠯᠡᠵᠦ ᠪᠠᠲᠤᠯᠠᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ