ᠾᠧ ᠬᠠᠢ ᠳ᠋ᠦᠩ ᠳᠤᠮᠳᠠᠳᠤ ᠤᠯᠤᠰ ᠤᠨ ᠲᠦᠷᠦᠯ ᠳᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠫᠢᠩ ᠵᠢᠶᠦ᠋ᠨ ᠨᠠᠷ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/4/18
      ︵ᠰᠤᠷᠪᠤᠯᠵᠢᠯᠠᠭᠴᠢ ᠶᠠᠩ ᠼᠠᠢ ᠰᠢᠶᠠ︶ 4 ᠳ᠋ᠦ᠋ᠭᠡᠷ ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠳᠤᠮᠳᠠᠳᠤ ᠤᠯᠤᠰ ᠤᠨ ᠲᠦᠷᠦᠯ ᠳᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠫᠢᠩ ᠵᠢᠶᠦ᠋ᠨ ᠨᠠᠷ ᠲᠠᠢ ᠶᠠᠷᠢᠯᠴᠠᠬᠤ ᠬᠤᠷᠠᠯ ᠬᠢᠪᠡ᠃       ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠯᠢᠦ ᠫᠢᠩ ᠵᠢᠶᠦ᠋ᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠣᠲᠣ ᠶᠠᠭ ᠰᠦ ᠶᠢᠨ ᠦᠢᠯᠡᠰ᠂ ᠡᠪᠡᠰᠦᠨ ᠦᠷ᠎ᠡ ᠶᠢᠨ ᠦᠢᠯᠡᠰ ᠢᠶᠠᠷ ᠲᠣᠯᠣᠭᠠᠶᠢᠯᠠᠭᠤᠯᠤᠭᠰᠠᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠦᠢᠯᠡᠰ ᠤᠨ ᠪᠦᠭᠡᠮᠨᠡᠷᠡᠯ ᠢ ᠲᠦᠷᠭᠡᠪᠴᠢᠯᠡᠨ ᠪᠣᠶᠢᠵᠢᠭᠤᠯᠵᠤ᠂ ᠳᠡᠯᠡᠬᠡᠢ ᠶᠢᠨ ᠰᠦ ᠶᠢᠨ ᠦᠢᠯᠡᠰ ᠤᠨ ᠶᠡᠭᠡ ᠬᠤᠷᠠᠯ ᠢ ᠠᠮᠵᠢᠯᠲᠠ ᠲᠠᠢ ᠡᠷᠭᠢᠯᠡᠵᠦ᠂ ︽ᠳᠡᠯᠡᠬᠡᠢ ᠶᠢᠨ ᠰᠦ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ︾ ︽ᠳᠤᠮᠳᠠᠳᠤ ᠤᠯᠤᠰ ᠤᠨ ᠰᠦ ᠶᠢᠨ ᠦᠢᠯᠡᠰ ᠤᠨ ᠡᠭᠦᠯᠳᠡᠷ ᠪᠣᠶᠢᠵᠢᠭᠤᠯᠬᠤ ᠬᠤᠲᠠ︾ ᠶᠢᠨ ᠢᠷᠠᠭᠤ ᠠᠯᠳᠠᠷ ᠢ ᠭᠥᠷᠳᠡᠭᠰᠡᠨ ᠪᠠᠶᠢᠨ᠎ᠠ᠃ ᠳᠤᠮᠳᠠᠳᠤ ᠤᠯᠤᠰ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠠᠴᠠ ᠬᠥᠬᠡᠬᠤᠲᠠ ᠳᠤ ᠨᠠᠩ ᠣᠯᠠᠨ ᠳᠡᠮᠵᠢᠯᠭᠡ ᠦᠵᠡᠭᠦᠯᠵᠦ᠂ ᠳᠤᠮᠳᠠᠳᠤ ᠤᠯᠤᠰ ᠤᠨ ᠰᠦ ᠶᠢᠨ ᠦᠢᠯᠡᠰ ᠤᠨ ᠲᠥᠷᠥᠯ ᠲᠡᠮᠳᠡᠭᠲᠦ ᠶᠢᠨ ᠭᠠᠳᠠᠭᠠᠳᠤ ᠳᠤ ᠭᠠᠷᠴᠤ᠂ ᠳᠡᠯᠡᠬᠡᠢ ᠳᠤ ᠬᠠᠨᠳᠤᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃       ᠯᠢᠦ ᠫᠢᠩ ᠵᠢᠶᠦ᠋ᠨ ᠨᠠᠷ ᠮᠠᠨ ᠤ ᠤᠯᠤᠰ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠲᠥᠷᠥᠯ ᠲᠡᠮᠳᠡᠭᠲᠦ ᠶᠢᠨ ᠬᠠᠩᠭᠠᠯᠭ᠎ᠠ ᠶᠢᠨ ᠬᠡᠯᠬᠢᠶ᠎ᠡ᠂ ᠣᠯᠠᠨ ᠤᠯᠤᠰ ᠤᠨ ᠲᠥᠷᠥᠯ ᠲᠡᠮᠳᠡᠭᠲᠦ ᠶᠢᠨ ᠲᠥᠪ ᠤᠨ ᠪᠠᠶᠢᠭᠤᠯᠤᠯᠲᠠ ᠵᠡᠷᠭᠡ ᠬᠠᠮᠢᠶ᠎ᠠ ᠪᠦᠬᠦᠢ ᠪᠠᠶᠢᠳᠠᠯ ᠢ ᠲᠣᠪᠴᠢ ᠲᠠᠨᠢᠯᠴᠠᠭᠤᠯᠪᠠ᠃ ᠯᠢᠦ ᠫᠢᠩ ᠵᠢᠶᠦ᠋ᠨ ᠬᠡᠯᠡᠬᠦ ᠳᠡᠭᠡᠨ᠂ ᠳᠤᠮᠳᠠᠳᠤ ᠤᠯᠤᠰ ᠤᠨ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠨᠢ ᠳᠤᠷᠠᠲᠠᠶ᠎ᠠ ᠬᠥᠬᠡᠬᠤᠲᠠ ᠲᠠᠢ ᠭᠠᠷ ᠬᠤᠯᠪᠣᠯᠴᠠᠨ᠂ ᠲᠥᠷᠥᠯ ᠲᠡᠮᠳᠡᠭᠲᠦ ᠶᠢᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂ ᠭᠦᠨ ᠲᠠᠰ ᠳᠠᠪᠬᠤᠷᠭ᠎ᠠ ᠶᠢᠨ᠂ ᠣᠯᠠᠨ ᠬᠡᠯᠪᠡᠷᠢ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃       ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ