ᠬᠥᠬᠡᠬᠤᠲᠠ ᠠᠴᠠ ᠮᠣᠩᠭᠤᠯ᠂ ᠲᠦᠷᠺ ᠲᠤ ᠬᠦᠷᠬᠦ ᠪᠠᠷᠠᠭᠠᠨ ᠤ ᠲᠡᠭᠡᠭᠡᠪᠦᠷᠢ ᠶᠢᠨ ᠳᠠᠭᠠᠭᠠᠴᠢᠯᠠᠭᠰᠠᠨ ᠨᠢᠰᠬᠡᠯ ᠤᠨ ᠠᠶᠠᠯᠠᠯ ᠤᠨ ᠱᠤᠭᠤᠮ ᠵᠢᠩᠬᠢᠨᠢ ᠪᠠᠷ ᠰᠡᠷᠭᠦᠪᠡ
ᠨᠡᠶᠢᠲᠡᠯᠡᠭᠰᠡᠨ ᠴᠠᠭ᠄
2024/4/18
       ︵ᠰᠤᠷᠪᠤᠯᠵᠢᠯᠠᠭᠴᠢ ᠶᠦᠨ ᠶᠠᠨ ᠹᠠᠩ︶ 4 ᠳ᠋ᠦ᠋ᠭᠡᠷ ᠰᠠᠷ᠎ᠠ ᠶᠢᠨ 17 ᠤ ᠡᠳᠦᠷ ᠤᠨ 03 ᠴᠠᠭ 00 ᠮᠢᠨᠦ᠋ᠲ ᠲᠤ᠂ ᠬᠥᠬᠡᠬᠤᠲᠠ ︱ ᠤᠯᠠᠭᠠᠨᠪᠠᠭᠠᠲᠤᠷ ︱ ᠢᠰᠲ᠋ᠠᠨᠪᠦ᠋ᠯ ᠤᠨ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠳᠠᠭᠠᠭᠠᠴᠢᠯᠠᠭᠰᠠᠨ ᠨᠢᠰᠬᠡᠯ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ ᠨᠢᠰᠴᠦ᠂ 2024 ᠣᠨ ᠳᠤ ᠬᠥᠬᠡᠬᠤᠲᠠ ᠠᠴᠠ ᠮᠣᠩᠭᠤᠯ᠂ ᠲᠦᠷᠺ ᠬᠦᠷᠬᠦ ᠪᠠᠷᠠᠭᠠᠨ ᠤ ᠲᠡᠭᠡᠭᠡᠪᠦᠷᠢ ᠶᠢᠨ ᠳᠠᠭᠠᠭᠠᠴᠢᠯᠠᠭᠰᠠᠨ ᠨᠢᠰᠬᠡᠯ ᠤᠨ ᠠᠶᠠᠯᠠᠯ ᠤᠨ ᠱᠤᠭᠤᠮ ᠵᠢᠩᠬᠢᠨᠢ ᠪᠠᠷ ᠡᠵᠡᠩᠨᠡᠯᠲᠡ ᠪᠠᠨ ᠰᠡᠷᠭᠦᠭᠡᠭᠰᠡᠨ ᠢ ᠵᠠᠷᠯᠠᠪᠠ᠃       4 ᠳ᠋ᠦ᠋ᠭᠡᠷ ᠰᠠᠷ᠎ᠠ ᠶᠢᠨ 17 ᠤ ᠡᠳᠦᠷ ᠠᠴᠠ ᠡᠬᠢᠯᠡᠨ ᠮᠣᠩᠭᠤᠯ ᠤᠯᠤᠰ ᠤᠨ ᠠᠭᠠᠷ ᠤᠨ ᠠᠶᠠᠯᠠᠯ ᠤᠨ ᠺᠣᠮᠫᠠᠨᠢ ᠶᠢᠨ B757-200F ᠪᠦᠬᠦ ᠪᠠᠷᠠᠭᠠᠨ ᠤ ᠨᠢᠰᠬᠡᠯ ᠭᠠᠷᠠᠭ ᠪᠦᠷᠢ 3 ᠡᠭᠡᠯᠵᠢ ᠨᠢᠰᠴᠦ᠂ ᠬᠥᠬᠡᠬᠤᠲᠠ ᠠᠴᠠ ᠤᠯᠠᠭᠠᠨᠪᠠᠭᠠᠲᠤᠷ᠂ ᠢᠰᠲ᠋ᠠᠨᠪᠦ᠋ᠯ ᠳᠤ ᠬᠦᠷᠦᠨ᠎ᠡ᠃ ᠲᠤᠰ ᠤᠳᠠᠭ᠎ᠠ ᠶᠢᠨ ᠪᠠᠷᠠᠭᠠᠨ ᠤ ᠲᠡᠭᠡᠭᠡᠪᠦᠷᠢ ᠶᠢᠨ ᠳᠠᠭᠠᠭᠠᠴᠢᠯᠠᠭᠰᠠᠨ ᠨᠢᠰᠬᠡᠯ 29 ᠲᠣᠨ ᠪᠠᠷᠠᠭ᠎ᠠ ᠶᠢ ᠬᠥᠬᠡᠬᠤᠲᠠ ᠠᠴᠠ ᠮᠣᠩᠭᠤᠯ᠂ ᠲᠦᠷᠺ ᠲᠤ ᠬᠦᠷᠭᠡᠨ᠎ᠡ᠃ ᠭᠤᠣᠯᠳᠠᠭᠤ ᠰᠢᠩᠭᠡᠨ ᠲᠠᠯᠠᠰᠲᠤ ᠳᠡᠯᠭᠡᠴᠡ᠂ ᠳᠠᠷᠤᠮᠠᠯᠯᠠᠬᠤ ᠮᠠᠰᠢᠨ᠂ ᠡᠮ ᠡᠮᠨᠡᠯᠭᠡ ᠶᠢᠨ ᠲᠥᠬᠦᠭᠡᠷᠦᠮᠵᠢ ᠵᠡᠷᠭᠡ ᠡᠳ᠋ ᠪᠣᠳᠠᠰ ᠪᠠᠭᠲᠠᠨ᠎ᠠ᠃       ᠡᠨᠡ ᠵᠢᠯ ᠠᠴᠠ ᠨᠠᠭᠠᠰᠢ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠥᠬᠡᠬᠤᠲᠠ ᠠᠴᠠ ᠤᠯᠠᠭᠠᠨᠪᠠᠭᠠᠲᠤᠷ᠂ ᠢᠰᠲ᠋ᠠᠨᠪᠦ᠋ᠯ ᠬᠦᠷᠬᠦ ᠪᠥᠬᠦ ᠪᠠᠷᠠᠭᠠᠨ ᠤ ᠨᠢᠰᠬᠡᠯ ᠤᠨ ᠠᠭᠠᠷ ᠤᠨ ᠠᠶᠠᠯᠠᠯ ᠤᠨ ᠱᠤᠭᠤᠮ ᠢ ᠰᠡᠷᠭᠦᠭᠡᠬᠦ ᠶᠢ ᠲᠦᠯᠬᠢᠨ ᠠᠬᠢᠭᠤᠯᠪᠠ᠃ ᠠᠭᠠᠷ ᠤᠨ ᠠᠶᠠᠯᠠᠯ ᠤᠨ ᠺᠣᠮᠫᠠᠨᠢ ᠲᠠᠢ ᠢᠳᠡᠪᠬᠢᠲᠡᠢ ᠪᠠᠷ ᠠᠷᠭ᠎ᠠ ᠵᠠᠮ ᠡᠷᠢᠬᠦ᠂ ᠨᠢᠰᠬᠡᠯ ᠤᠨ ᠪᠠᠭᠤᠳᠠᠯ ᠤᠨ ᠪᠣᠭᠤᠮᠲᠠ᠂ ᠬᠢᠯᠢ ᠶᠢᠨ ᠪᠠᠶᠢᠴᠠᠭᠠᠯᠲᠠ ᠲᠠᠢ ᠨᠡᠪᠲᠡᠷᠡᠯᠴᠡᠨ ᠰᠢᠢᠳᠪᠦᠷᠢᠯᠡᠬᠦ ᠲᠥᠰᠥᠯ ᠢ ᠵᠥᠪᠳᠡᠯᠴᠡᠬᠦ᠂ ᠣᠯᠠᠨ ᠤᠯᠤᠰ ᠤᠨ ᠪᠠᠷᠠᠭᠠᠨ ᠤ ᠣᠷᠣᠯᠠᠬᠤ ᠺᠣᠮᠫᠠᠨᠢ ᠲᠠᠢ ᠬᠤᠯᠪᠤᠭᠠᠯᠠᠨ ᠵᠠᠬ᠎ᠠ ᠳᠡᠯᠭᠡᠭᠦᠷ ᠢ ᠨᠡᠭᠡᠭᠡᠨ ᠪᠠᠷᠠᠭᠠᠨ ᠤ ᠢᠷᠡᠯᠲᠡ ᠶᠢ ᠲᠠᠳᠠᠬᠤ᠂ ᠠᠭᠠᠷ ᠤᠨ ᠠᠶᠠᠯᠠᠯ ᠤᠨ ᠱᠤᠭᠤᠮ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ ᠢᠳᠡᠪᠬᠢᠲᠡᠢ ᠪᠠᠷ ᠴᠢᠷᠮᠠᠶᠢᠭᠰᠠᠨ ᠪᠠᠶᠢᠨ᠎ᠠ᠃       ᠳᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠳᠠᠭᠠᠭᠠᠴᠢᠯᠠᠭᠰᠠᠨ ᠨᠢᠰᠬᠡᠯ ᠤᠨ ᠠᠶᠠᠯᠠᠯ ᠤᠨ ᠱᠤᠭᠤᠮ ᠢ ᠨᠡᠪᠲᠡᠷᠡᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠤᠨ ᠬᠢᠯᠢ ᠪᠠᠷ ᠣᠷᠣᠭᠤᠯᠬᠤ ᠬᠥᠯᠳᠡᠭᠦᠦ ᠰᠣᠷᠭᠤᠭ ᠤᠰᠤᠨ ᠭᠠᠷᠤᠯᠲᠠ ᠶᠢᠨ ᠲᠣᠭᠲᠠᠭᠰᠠᠨ ᠬᠢᠨᠠᠨ ᠬᠠᠮᠢᠶᠠᠷᠬᠤ ᠲᠠᠯᠠᠪᠤᠷ ᠢ ᠰᠢᠯᠭᠠᠨ ᠠᠪᠴᠤ ᠪᠠᠷ ᠲᠣᠬᠢᠶᠠᠯ ᠪᠣᠯᠭᠠᠵᠤ᠂ ᠣᠯᠠᠨ ᠤᠯᠤᠰ ᠤᠨ ᠠᠶᠠᠨᠴᠢᠳ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠢᠶᠠᠷ ᠪᠠᠷᠠᠭ᠎ᠠ ᠶᠠᠪᠤᠭᠤᠯᠬᠤ ᠲᠤᠬᠠᠶᠢᠯᠠᠭᠰᠠᠨ ᠠᠵᠢᠯ ᠢ ᠶᠡᠬᠡᠪᠡᠷ ᠬᠥᠭᠵᠢᠭᠦᠯᠵᠦ᠂ ᠨᠠᠩ ᠣᠯᠠᠨ ᠣᠯᠠᠨ ᠤᠯᠤᠰ ᠤᠨ ᠪᠠᠷᠠᠭᠠᠨ ᠤ ᠲᠡᠭᠡᠭᠡᠪᠦᠷᠢ ᠶᠢᠨ ᠠᠭᠠᠷ ᠤᠨ ᠠᠶᠡᠯᠠᠯ ᠶᠢᠨ ᠺᠣᠮᠫᠠᠨᠢ ᠶᠢ ᠲᠡᠳᠡᠨ ᠠᠪᠴᠢᠷᠠᠵᠤ ᠣᠯᠠᠨ ᠤᠯᠤᠰ ᠤᠨ  ᠪᠠᠷᠠᠭᠠᠨ ᠤ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠪᠲᠡᠷᠡᠭᠦᠯᠦᠨ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠬᠦᠴᠦᠨ ᠢᠶᠠᠨ ᠨᠡᠮᠡᠷᠢᠯᠡᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ