ᠭᠦᠭᠡᠬᠤᠲᠠ 4 ᠴᠠᠭ ᠠᠭᠤᠷ ᠤᠨ ᠰᠤᠳᠤᠯᠭᠠᠨ ᠤ ᠦᠢᠯᠡᠳᠦᠯᠭᠡ ᠶᠢᠨ ᠰᠠᠭᠤᠷᠢᠨ ᠲᠠᠢ ᠪᠣᠯᠵᠠᠢ
ᠨᠡᠶᠢᠲᠡᠯᠡᠭᠰᠡᠨ ᠴᠠᠭ᠄
2024/4/18
      ᠭᠦᠭᠡᠬᠤᠲᠠ ᠶᠢᠨ ᠴᠠᠭ ᠠᠭᠤᠷ ᠤᠨ ᠲᠣᠪᠴᠢᠶ᠎ᠠ ᠪᠣᠯᠣᠨ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ  ᠶᠢᠨ ᠭᠦᠭᠡᠬᠤᠲᠠ ᠳᠠᠬᠢ ᠬᠤᠪᠢᠶᠠᠷᠢ ᠰᠤᠷᠭᠠᠭᠤᠯᠢ ᠶᠢᠨ ᠬᠠᠮᠲᠤᠷᠠᠨ ᠪᠠᠶᠢᠭᠤᠯᠤᠭᠰᠠᠨ ᠴᠠᠭ ᠠᠭᠤᠷ ᠤᠨ ᠰᠤᠳᠤᠯᠭᠠᠨ ᠤ ᠦᠢᠯᠡᠳᠦᠯᠭᠡ ᠶᠢᠨ ᠰᠠᠭᠤᠷᠢᠨ ᠲᠦᠷᠦᠭᠦᠬᠡᠨ ᠠᠰᠢᠭᠯᠠᠯᠲᠠ ᠳᠤ ᠣᠷᠣᠵᠤ᠂ ᠤᠳᠤ ᠭᠦᠭᠡᠬᠤᠲᠠ 4 ᠴᠠᠭ ᠠᠭᠤᠷ ᠤᠨ ᠰᠤᠳᠤᠯᠭᠠᠨ ᠤ ᠦᠢᠯᠡᠳᠦᠯᠭᠡ ᠶᠢᠨ ᠰᠠᠭᠤᠷᠢᠨ ᠲᠠᠢ  ᠪᠣᠯᠪᠠ᠃      ᠲᠣᠰ  ᠬᠠᠮᠲᠤᠷᠠᠯᠴᠠᠭ᠎ᠠ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠳᠦᠯᠭᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ᠂ ᠴᠠᠭ ᠠᠭᠤᠷ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠣᠩᠭᠤᠨ ᠰᠤᠷᠬᠤ ᠬᠢᠴᠢᠶᠡᠯ ᠵᠡᠷᠭᠡ ᠠᠭᠤᠯᠭ᠎ᠠ ᠪᠠᠭᠲᠠᠵᠤ᠂ ᠰᠤᠷᠭᠠᠭᠤᠯᠢ ᠶᠢᠨ ᠬᠦᠷᠢᠶᠡᠨ ᠤ ᠴᠠᠭ ᠠᠭᠤᠷ ᠤᠨ ᠥᠷᠲᠡᠭᠡ ᠶᠢ ᠪᠠᠶᠢᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠬᠠᠮᠲᠤᠷᠠᠨ ᠥᠷᠨᠢᠭᠦᠯᠬᠦ ᠵᠡᠷᠭᠡ ᠪᠠᠷ ᠳᠠᠮᠵᠢᠨ ᠰᠤᠷᠤᠬᠴᠢᠳ ᠲᠤ ᠴᠠᠭ ᠠᠭᠤᠷ ᠤᠨ ᠬᠦᠷᠢᠶᠡᠨ ᠳᠠᠬᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠳᠦᠯᠭᠡ ᠶᠢᠨ ᠲᠠᠪᠴᠠᠩ ᠢ ᠪᠠᠶᠢᠭᠤᠯᠵᠤ ᠥᠭᠬᠦ ᠪᠣᠯᠣᠨ᠎ᠠ᠃      ᠣᠶᠢᠯᠠᠭᠠᠭᠰᠠᠨ ᠢᠶᠠᠷ᠂ ᠭᠦᠭᠡᠬᠤᠲᠠ ᠶᠢᠨ ᠴᠠᠭ ᠠᠭᠤᠷ ᠤᠨ ᠲᠣᠪᠴᠢᠶ᠎ᠠ 2014 ᠣᠨ ᠠᠴᠠ ᠡᠬᠢᠯᠡᠨ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ  ᠰᠤᠷᠭᠠᠭᠤᠯᠢ  ᠪᠠ ᠶᠡᠭᠡ ᠳᠡᠭᠡᠳᠦ ᠰᠤᠷᠭᠠᠭᠤᠯᠢ ᠲᠠᠢ  ᠥᠷᠭᠡᠨ ᠢᠶᠠᠷ  ᠬᠠᠮᠲᠤᠷᠠᠨ ᠠᠵᠢᠯᠯᠠᠵᠤ᠂ ᠣᠳᠣᠬᠠᠨ ᠪᠤᠯᠲᠠᠯ᠎ᠠ  ᠨᠡᠶᠢᠳᠡ 18 ᠰᠤᠷᠭᠠᠭᠤᠯᠢ  ᠶᠢᠨ ᠬᠦᠷᠢᠶᠡᠨ ᠤ ᠴᠠᠭ ᠠᠭᠤᠷ ᠤᠨ ᠥᠷᠲᠡᠭᠡ ᠪᠠᠶᠢᠭᠤᠯᠵᠠᠢ᠃ ᠡᠭᠦᠨ ᠳᠤ  ᠰᠠᠶᠢᠬᠠᠨ  ᠲᠣᠭᠤᠷᠢᠭ ᠤᠨ ᠵᠢᠨᠴᠢᠶᠣᠣ ᠪᠠᠭ᠎ᠠ ᠰᠤᠷᠭᠠᠭᠤᠯᠢ ᠳᠤᠮᠳᠠᠳᠤ ᠤᠯᠤᠰ ᠤᠨ ᠴᠠᠭ ᠠᠭᠤᠷ ᠤᠨ ᠲᠣᠪᠴᠢᠶ᠎ᠠ ᠶᠢᠨ ︽ᠪᠦᠭᠦ ᠤᠯᠤᠰ ᠤᠨ ᠵᠢᠱᠢᠶ᠎ᠡ  ᠦᠵᠡᠭᠦᠯᠭᠦ  ᠰᠤᠷᠭᠠᠭᠤᠯᠢ ᠶᠢᠨ ᠬᠦᠷᠢᠶᠡᠨ ᠤ ᠴᠠᠭ ᠠᠭᠤᠷ ᠤᠨ ᠥᠷᠲᠡᠭᠡ︾ ᠶᠢᠨ 2023 ᠣᠨ ᠤ ᠰᠢᠯᠢᠳᠡᠭ ᠰᠤᠷᠭᠠᠭᠤᠯᠢ ᠪᠠᠷ ᠦᠨᠡᠯᠡᠭᠳᠡᠵᠦ᠂ ᠮᠠᠨ ᠤ ᠣᠷᠣᠨ ᠤ ᠴᠣᠷ ᠤᠨ ᠭᠠᠭᠴᠠ ᠱᠠᠩᠨᠠᠯ ᠭᠥᠷᠳᠡᠭᠰᠡᠨ ᠰᠤᠷᠭᠠᠭᠤᠯᠢ ᠪᠣᠯᠪᠠ᠃ ᠤᠳᠤ ᠭᠦᠭᠡᠬᠤᠳᠠ ᠳᠤ ᠭᠦᠭᠡᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠭᠦᠭᠡᠬᠤᠲᠠ ᠶᠢᠨ ᠲᠤᠷᠰᠢᠯᠲᠠ  ᠶᠢᠨ ᠳᠤᠮᠳᠠᠳᠤ ᠰᠤᠷᠭᠠᠭᠤᠯᠢ᠂ ᠲᠥᠪ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠭᠦᠭᠡᠬᠤᠲᠠ ᠳᠠᠬᠢ ᠬᠤᠪᠢᠶᠠᠷᠢ ᠰᠤᠷᠭᠠᠭᠤᠯᠢ᠂ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠵᠠᠮ ᠬᠠᠷᠢᠯᠴᠠᠭᠠᠨ ᠤ  ᠳᠡᠭᠡᠳᠦ ᠰᠤᠷᠭᠠᠭᠤᠯᠢ ᠶᠢᠨ ᠴᠠᠭ ᠠᠭᠤᠷ ᠤᠨ ᠰᠤᠳᠤᠯᠭᠠᠨ  ᠤ ᠦᠢᠯᠡᠳᠦᠯᠭᠡ ᠶᠢᠨ ᠰᠠᠭᠤᠷᠢᠨ ᠵᠡᠷᠭᠡ 4 ᠴᠠᠭ ᠠᠭᠤᠷ ᠤᠨ ᠰᠤᠳᠤᠯᠭᠠᠨ ᠤ  ᠦᠢᠯᠡᠳᠦᠯᠭᠡ  ᠶᠢᠨ ᠰᠠᠭᠤᠷᠢᠨ ᠲᠠᠢ ᠪᠣᠯᠤᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ