ᠭᠦᠭᠡᠬᠤᠲᠠ ᠶᠢᠨ ᠠᠩᠬᠠᠳᠤᠭᠠᠷ ᠬᠤᠭᠤᠴᠠᠭᠠᠨ ᠤ ᠴᠠᠭᠠᠰᠤᠨ ᠰᠢᠪᠠᠭᠤ ᠶᠢᠨ ᠤᠷᠠᠯᠢᠭ ᠤᠨ ᠨᠠᠶᠢᠷ ᠭᠦᠷ ᠬᠥᠭᠵᠢᠶᠡᠨ ᠲᠠᠢ ᠶᠠᠪᠤᠭᠳᠠᠨ᠂ ᠬᠤᠳᠠ ᠶᠢᠨ | ᠠᠷᠠᠳ ᠬᠢᠭᠡᠳ ᠵᠢᠭᠤᠯᠴᠢᠯᠠᠬᠰᠠᠳ ᠲᠤ ᠬᠠᠪᠤᠷ ᠤᠨ ᠵᠢᠭᠤᠯᠴᠢᠯᠠᠯ ᠤᠨ ᠪᠠᠶᠠᠷ ᠪᠠᠭ᠋ᠠᠳᠤᠯ ᠢ ᠡᠳ᠋ᠯᠡᠭᠦᠯᠵᠦ᠂ ᠬᠡᠰᠡᠭ ᠠᠵᠢᠯᠯᠠᠭ᠎ᠠ ᠨᠢ 4 ᠰᠠᠷ᠎ᠠ ᠶᠢᠨ 30 ᠤ | ᠡᠳᠦᠷ ᠪᠤᠯᠲᠠᠯ᠎ᠠ ᠦᠷᠭᠦᠯᠵᠢᠯᠡᠵᠦ᠂ ᠬᠠᠪᠤᠷ ᠤᠨ ᠤᠯᠠᠷᠢᠯ ᠤᠨ ᠵᠢᠭᠤᠯᠴᠢᠯᠠᠯ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠪᠠ᠃ | ᠡᠨᠡ ᠵᠢᠯ ᠠᠴᠠ ᠨᠠᠭᠠᠰᠢ᠂ ᠭᠦᠭᠡᠬᠤᠳᠠ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠲᠤᠯᠠᠨ᠂ ᠤᠯᠠᠨ ᠠᠷᠭ᠎ᠠ ᠵᠠᠮ ᠢᠶᠠᠷ | ᠬᠡᠷᠡᠭᠡᠯᠡᠭᠴᠢᠳ ᠤᠨ ᠡᠷᠬᠡ ᠠᠰᠢᠭ ᠢ ᠬᠠᠮᠠᠭᠠᠯᠠᠵᠤ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠰᠣᠶᠣᠯ ᠵᠢᠭᠤᠯᠴᠢᠯᠠᠯ ᠤᠨ ᠰᠤᠷᠲᠠᠯ ᠤᠬᠠᠭᠤᠯᠭ᠎ᠠ ᠶᠢ | ᠴᠢᠩᠭᠠᠳᠬᠠᠵᠤ᠂ ᠭᠦᠭᠡᠬᠤᠳᠠ ᠶᠢᠨ ᠨᠡᠷ᠎ᠡ ᠠᠯᠳᠠᠷᠰᠢᠯ ᠢ ᠤᠯᠠᠮ ᠨᠡᠮᠡᠭᠳᠡᠭᠦᠯᠪᠡ᠃ ᠡᠨᠡ ᠬᠠᠪᠤᠷ᠂ ᠭᠦᠭᠡᠬᠤᠳᠠ ᠶᠢᠨ ᠳᠠᠯᠠᠨ ᠬᠠᠷ᠎ᠠ ᠠᠭᠤᠯᠠ ᠶᠢᠨ ᠬᠡᠭᠡᠷ᠎ᠡ ᠶᠢᠨ | ᠠᠮᠢᠳᠠᠨ ᠤ ᠬᠦᠷᠢᠶᠡᠯᠡᠩ ᠨᠢ ᠬᠡᠦᠬᠡᠯᠳᠡᠢ ᠵᠦᠴᠦᠭᠡ ᠲᠣᠭᠯᠠᠬᠤ᠂ ᠬᠥᠭᠦᠷᠭᠡᠨ ᠵᠠᠮ ᠢᠶᠠᠷ ᠠᠶᠠᠯᠠᠬᠤ ᠬᠥᠳᠡᠯᠭᠡᠭᠡᠨ ᠥᠷᠨᠢᠭᠦᠯᠵᠦ᠂ ᠭᠦᠭᠡᠬᠤᠲᠠ ᠶᠢᠨ ᠨᠣᠮ ᠤᠨ | ᠰᠠᠩ ︽ᠲᠡᠦᠬᠡ ᠶᠢ ᠮᠡᠳᠡᠵᠦ ᠠᠯᠤᠰ ᠢ ᠵᠣᠷᠢᠬᠤᠢ︾ ᠳᠤᠮᠳᠠᠳᠤ ᠤᠯᠤᠰ ᠤᠨ ᠲᠡᠦᠬᠡ ᠶᠢᠨ ᠨᠣᠮ ᠤᠨ ᠦᠵᠡᠭᠦᠯᠭᠡ ᠭᠠᠷᠭᠠᠨ᠂ ᠭᠦᠭᠡᠬᠤᠲᠠ ᠶᠢᠨ ᠰᠣᠶᠣᠯ ᠤᠨ | ᠣᠷᠳᠣᠨ ︽ᠤᠮᠠᠷᠠᠲᠤ ᠬᠢᠯᠢ ᠶᠢᠨ ᠦᠵᠡᠰᠭᠦᠯᠡᠩ ᠦᠵᠡᠮᠵᠢ ᠰᠠᠶᠢᠲᠠᠢ ᠭᠦᠭᠡᠬᠤᠲᠠ︾ ᠡᠮᠡᠭᠲᠡᠢ ᠤᠷᠠᠯᠢᠭᠴᠢᠳ ᠤᠨ ᠪᠦᠲᠦᠭᠡᠯ ᠤᠨ ᠦᠵᠡᠭᠦᠯᠭᠡ ᠡᠷᠭᠢᠯᠡᠵᠤ᠂ | ᠬᠤᠳᠠ ᠶᠢᠨ ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ ᠬᠠᠩᠰᠢ ᠶᠢᠨ ᠠᠮᠠᠷᠠᠯᠲᠠ ᠳᠤ ᠪᠠᠰᠠ ︽ᠬᠠᠪᠤᠷ ᠢ ᠤᠭᠲᠤᠬᠤ | ᠭᠦᠭᠡᠬᠤᠲᠠ ᠶᠢᠨ ᠪᠣᠯᠵᠤᠭ᠎ᠠ︾ ᠪᠠᠷ ᠭᠤᠣᠯ ᠰᠡᠳᠦᠪ ᠪᠣᠯᠭᠠᠨ︽ᠦᠵᠡᠮᠵᠢ︾᠂ ︽ᠵᠤᠭ᠎ᠠ︾᠂ ︽ᠵᠢᠭᠤᠯᠴᠢᠯᠠᠯ︾ ᠭᠡᠬᠦ ᠭᠤᠷᠪᠠᠨ ᠰᠡᠳᠦᠪ ᠤᠨ ᠲᠣᠭᠤᠷᠢᠨ ᠳᠤ | 52 ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠠᠪᠤᠭᠳᠠᠭᠤᠯᠵᠤ᠂ 10 ᠦᠵᠡᠮᠵᠢ ᠶᠢᠨ ᠭᠠᠵᠠᠷ᠂ 3 ᠵᠤᠷᠪᠤᠰ ᠬᠠᠪᠤᠷ ᠤᠨ ᠤᠯᠠᠷᠢᠯ ᠤᠨ ᠰᠣᠳᠣᠨ | ᠵᠢᠭᠤᠯᠴᠢᠯᠠᠯ ᠤᠨ ᠵᠠᠮ ᠱᠤᠭᠤᠮ ᠭᠠᠷᠭᠠᠨ᠂ 131.21 ᠲᠦᠮᠡᠨ ᠵᠢᠭᠤᠯᠴᠢᠯᠠᠭᠴᠢ ᠶᠢ ᠭᠥᠯᠢᠶᠡᠨ ᠠᠪᠴᠤ᠂ ᠵᠢᠭᠤᠯᠴᠢᠯᠠᠯ ᠤᠨ ᠬᠡᠷᠡᠭᠯᠡᠭᠡ ᠨᠢ 9.4 | ᠳ᠋ᠦᠩᠰᠢᠭᠤᠷ ᠲᠥᠭᠦᠷᠢᠭ ᠭᠦᠷᠪᠡ᠃ ᠡᠭᠦᠨ ᠳᠤ ᠭᠦᠭᠡᠬᠤᠳᠠ ᠶᠢᠨ ᠰᠣᠶᠣᠯ ᠲᠡᠦᠬᠡ᠂ ᠵᠠᠩ ᠦᠢᠯᠡ᠂ ᠤᠳᠬ᠎ᠠ ᠤᠷᠠᠯᠢᠭ ᠢ ᠪᠦᠷᠢᠨ ᠬᠠᠷᠠᠭᠤᠯᠤᠭᠰᠠᠨ ᠭᠤᠣᠯ | ᠪᠤᠯᠬᠤ ᠰᠣᠶᠣᠯ ᠦᠵᠡᠰᠭᠦᠯᠡᠩ ᠤᠨ ᠣᠷᠳᠣᠨ ᠨᠢ ᠨᠡᠶᠢᠲᠡ 11.6 ᠲᠦᠮᠡᠨ ᠵᠢᠭᠤᠯᠴᠢᠯᠠᠭᠴᠢ ᠶᠢ ᠭᠥᠯᠢᠶᠡᠨ ᠠᠪᠴᠠᠢ᠃ | |