ᠰᠤᠷᠤᠬᠴᠢᠳ ᠭᠠᠷ ᠤᠨ ᠦᠰᠦᠭ ᠵᠢᠷᠤᠭᠰᠠᠨ ︽ᠤᠯᠤᠰ ᠤᠨ ᠠᠮᠤᠷ ᠲᠦᠪᠰᠢᠨ ᠢ ᠪᠢᠳᠡ ᠪᠦᠭᠦᠳᠡᠭᠡᠷ ᠢᠶᠠᠨ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠬᠥᠨᠳᠡᠯᠡᠨ ᠪᠢᠴᠢᠭᠡᠰᠦ ᠶᠢ ᠳᠡᠯᠭᠡᠨ ᠦᠵᠡᠭᠦᠯᠵᠦ ᠪᠠᠶᠢᠭ᠎ᠠ ᠨᠢ
ᠨᠡᠶᠢᠲᠡᠯᠡᠭᠰᠡᠨ ᠴᠠᠭ᠄
2024/4/18
6384896072373140227473467.png
      4 ᠰᠠᠷ᠎ᠠ ᠶᠢᠨ 15 ᠤ ᠡᠳᠦᠷ ᠪᠣᠯ ᠶᠢᠰᠦᠳᠡᠬᠢ ᠪᠦᠭᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠂ ᠭᠦᠭᠡᠬᠤᠲᠠ ᠶᠢᠨ ᠢᠦᠢ ᠴᠢᠤᠸᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠴᠢᠯᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠭᠦᠭᠡᠬᠤᠲᠠ ᠶᠢᠨ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠭᠠᠷ ᠪᠢᠴᠢᠮᠡᠯ ᠰᠣᠨᠢᠨ ᠵᠢᠷᠤᠵᠤ ᠲᠥᠰᠥᠪᠯᠡᠬᠦ᠂ ᠤᠯᠤᠰ ᠤᠨ ᠠᠮᠤᠷ ᠲᠦᠪᠰᠢᠨ ᠤ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠬᠤ ᠵᠡᠷᠭᠡ ᠠᠷᠭ᠎ᠠ ᠭᠡᠯᠪᠡᠷᠢ ᠪᠠᠷ ᠳᠠᠮᠵᠢᠭᠤᠯᠤᠨ᠂ ᠰᠤᠷᠤᠬᠴᠢᠳ ᠤᠨ ᠤᠯᠤᠰ ᠤᠨ ᠶᠡᠷᠦᠩᠬᠡᠶᠢᠯᠡᠭᠰᠡᠨ ᠠᠮᠤᠷ ᠲᠦᠪᠰᠢᠨ ᠤ ᠦᠵᠡᠯᠲᠡ ᠶᠢᠨ ᠲᠤᠬᠠᠢ ᠲᠠᠨᠢᠯᠲᠠ ᠶᠢ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠴᠣᠭᠴᠠᠯᠠᠪᠠ᠃ ᠵᠢᠷᠤᠭ ᠪᠣᠯ ᠲᠤᠬᠠᠢ ᠶᠢᠨ ᠡᠳᠦᠷ᠂ ᠰᠤᠷᠤᠬᠴᠢᠳ ᠭᠠᠷ ᠤᠨ ᠦᠰᠦᠭ ᠵᠢᠷᠤᠭᠰᠠᠨ ︽ᠤᠯᠤᠰ ᠤᠨ ᠠᠮᠤᠷ ᠲᠦᠪᠰᠢᠨ ᠢ  ᠪᠢᠳᠡ ᠪᠦᠭᠦᠳᠡᠭᠡᠷ ᠢᠶᠠᠨ ᠬᠠᠮᠲᠤ ᠪᠠᠷ ᠴᠣᠭᠴᠠᠯᠠᠶ᠎ᠠ︾ ᠭᠡᠬᠦ ᠭᠤᠣᠯ ᠰᠡᠳᠦᠪᠲᠦ ᠬᠥᠨᠳᠡᠯᠡᠨ ᠪᠢᠴᠢᠭᠡᠰᠦ ᠶᠢ ᠳᠡᠯᠭᠡᠨ ᠦᠵᠡᠭᠦᠯᠵᠦ ᠪᠠᠶᠢᠭ᠎ᠠ ᠨᠢ᠃     ᠰᠤᠷᠪᠤᠯᠵᠢᠯᠠᠬᠴᠢ ᠸᠠᠩ ᠯᠧᠢ ᠰᠡᠭᠦᠳᠡᠷᠯᠡᠪᠡ
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ