ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 18 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ 34 ᠳ᠋ᠦ᠋ᠭᠡᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/19
ᠼᠦᠢ ᠵᠧᠨ ᠦ᠋ ᠬᠤᠷᠠᠯ ᠢ ᠡᠷᠬᠢᠯᠡᠪᠡ       ︵ᠳᠠᠳᠤᠯᠭ᠎ᠠ ᠶᠢᠨ ᠰᠤᠷᠪᠤᠯᠵᠢᠯᠠᠭᠴᠢ ᠯᠢᠦ ᠶᠠᠨ ᠰᠢᠶᠠ︶ 4 ᠳ᠋ᠦ᠋ᠭᠡᠷ ᠰᠠᠷ᠎ᠠ ᠶᠢᠨ 18 ᠤ ᠡᠳᠦᠷ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠨᠠᠮ ᠤᠨ ᠤᠳᠤᠷᠢᠳᠬᠤ ᠳᠤᠭᠤᠶᠢᠯᠠᠩ ᠤᠨ 2024 ᠣᠨ ᠤ 18 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ 34  ᠳ᠋ᠦ᠋ᠭᠡᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠬᠤᠷᠠᠯᠳᠤᠭᠤᠯᠪᠠ᠃ ᠬᠤᠷᠠᠯ ᠠᠴᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠵᠠᠢ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠼᠦᠢ ᠵᠧᠨ ᠦ᠋ ᠬᠤᠷᠠᠯ ᠢ ᠡᠷᠭᠢᠯᠡᠪᠡ᠃       ᠬᠤᠷᠠᠯ ᠠᠴᠠ ︽ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠠᠵᠢᠯ ᠤᠨ ᠲᠥᠰᠥᠯ︾ ᠢ ᠬᠢᠨᠠᠨ ᠵᠥᠪᠯᠡᠵᠦ ᠪᠠᠲᠤᠯᠠᠨ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠭᠤᠣᠯᠳᠠᠯᠭ᠎ᠠ ᠲᠠᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢᠶᠠᠨ ᠰᠠᠶᠢᠲᠤᠷ ᠬᠢᠬᠦ ᠲᠠᠢ ᠤᠶᠠᠯᠳᠤᠭᠤᠯᠵᠤ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠭᠦᠯᠬᠦ ᠵᠡᠷᠭᠡ ᠪᠤᠰᠤᠳ ᠵᠦᠢᠯ ᠢ ᠰᠤᠳᠤᠯᠵᠠᠢ᠃       ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠲᠡᠷᠢᠭᠦᠯᠡᠭᠴᠢᠳ ᠤᠨ ᠬᠤᠷᠠᠯ ᠤᠨ ᠭᠡᠰᠢᠭᠦᠳ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ