| | | | ᠵᠣᠴᠢᠨ᠄ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠦᠨ | ᠰᠢᠶᠠᠩ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠭᠦᠸᠧ ᠸᠧᠢ ᠽᠠᠢ᠂ ᠬᠠᠤᠯᠢ ᠳᠦᠷᠢᠮ ᠤᠨ ᠰᠠᠯᠪᠤᠷᠢ ᠠᠩᠭᠢ ᠶᠢᠨ | ᠳᠡᠳ᠋ ᠳᠠᠷᠤᠭ᠎ᠠ ᠸᠠᠩ ᠬᠦᠶ ᠹᠠᠩ | ᠬᠠᠮᠢᠶᠠᠷᠤᠭᠴᠢ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ | ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ | ᠦᠯᠡᠳᠡᠭᠡᠵᠦ ᠵᠣᠴᠢᠳ ᠲᠠᠢ ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ | ᠪᠠᠶᠢᠨ᠎ᠠ᠃ | ᠬᠥᠲᠥᠯᠥᠭᠴᠢ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ︽ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ | ᠲᠥᠪ ᠭᠤᠣᠯᠴᠢ ᠪᠠᠷ ᠬᠠᠤᠯᠢ ᠪᠠᠷᠢᠬᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠤᠯᠤᠰ ᠤᠨ ᠡᠯ᠎ᠡ | ᠲᠠᠯ᠎ᠠ ᠶᠢᠨ ᠠᠵᠢᠯ ᠤᠨ ᠬᠠᠤᠯᠢᠵᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ︾ ᠭᠡᠵᠦ ᠴᠢᠬᠤᠯᠠᠴᠢᠯᠠᠪᠠ᠃ ᠣᠶᠢᠷ᠎ᠠ ᠶᠢᠨ ᠵᠢᠯ ᠤᠳ ᠲᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠲᠠᠯ᠎ᠠ ᠪᠠᠷ ᠢᠯᠡᠳᠲᠡ ᠦᠷ᠎ᠡ ᠪᠦᠲᠦᠮᠵᠢ | ᠣᠯᠣᠭᠰᠠᠨ ᠪᠠᠶᠢᠨ᠎ᠠ᠃ ᠣᠷᠣᠨ ᠤ ᠲᠥᠪ ᠤᠨ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠨᠢ ᠶᠠᠭᠤ ᠪᠣᠯᠬᠤ ᠶᠢ | ᠲᠠᠨᠢᠯᠴᠠᠭᠤᠯᠤᠭᠠᠳ ᠥᠭᠭᠦᠨ᠎ᠡ ᠤᠤ︖ | ᠸᠠᠩ ᠭᠦᠢ ᠹᠠᠩ᠄ | ᠲᠥᠬᠦᠮ ᠢᠶᠠᠷ ᠬᠡᠯᠡᠪᠡᠯ᠂ ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠶᠡᠷᠦᠩᠬᠡᠢ ᠬᠠᠷᠠᠯᠲᠠ ᠪᠣᠯ ᠳᠠᠷᠤᠢ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠬᠤ ᠪᠠᠷ ᠳᠠᠮᠵᠢᠭᠤᠯᠤᠨ᠂ ᠳᠣᠲᠣᠭᠠᠳᠤ ᠶᠢ ᠬᠠᠮᠠᠭᠠᠯᠠᠬᠤ | ᠠᠵᠢᠯ ᠤᠨ ᠪᠥᠬᠦ ᠲᠠᠯ᠎ᠠ ᠪᠠᠷ ᠬᠠᠤᠯᠢ ᠶᠣᠰᠣᠭᠠᠷ ᠶᠠᠪᠤᠭᠳᠠᠬᠤ ᠶᠢ ᠦᠨᠡᠨ ᠬᠦ ᠪᠠᠲᠤᠯᠠᠵᠤ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠤᠯᠤᠯᠲᠠ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠂ ᠬᠠᠤᠯᠢ ᠬᠡᠷᠡᠭᠵᠢᠭᠦᠯᠦᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠠᠷᠠᠳ ᠣᠯᠠᠨ ᠤ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠶᠢᠨ ᠬᠠᠮᠲᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠡᠷᠬᠡ | ᠰᠦᠷᠲᠦ ᠴᠢᠨᠠᠷ ᠢ ᠳᠡᠭᠡᠭᠰᠢᠯᠡᠭᠦᠯᠬᠦ ᠶᠠᠪᠤᠳᠠᠯ ᠪᠣᠯᠣᠨ᠎ᠠ᠃ | ᠬᠥᠲᠥᠯᠥᠭᠴᠢ᠄ | ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠳᠤᠮᠳᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠶᠠᠮᠠᠷ | ᠶᠠᠮᠠᠷ ᠠᠷᠭ᠎ᠠ ᠬᠡᠮᠵᠢᠶ᠎ᠡ ᠠᠪᠴᠤ ᠡᠨᠡ ᠬᠦ ᠬᠠᠷᠠᠯᠲᠠ ᠳᠤ ᠬᠦᠷᠬᠦ ᠪᠤᠢ︖ | ᠸᠠᠩ ᠭᠦᠢ ᠹᠠᠩ᠄ | ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠤᠪᠠ᠃ ᠡᠭᠦᠨ ᠳᠤ ᠭᠤᠣᠯᠳᠠᠭᠤ᠄ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠂ ᠠᠷᠠᠳ ᠤᠨ ᠴᠠᠭᠳᠠᠭ᠎ᠠ ᠶᠢᠨ | ᠴᠢᠳᠠᠪᠤᠷᠢ ᠬᠡᠪ ᠪᠣᠯᠪᠠᠰᠤᠷᠠᠯ ᠢ ᠴᠢᠩᠭᠠᠳᠬᠠᠪᠠ᠂ ᠬᠠᠤᠯᠢ ᠬᠡᠷᠡᠭᠵᠢᠭᠦᠯᠬᠦ ᠶᠢᠨ ᠵᠢᠷᠤᠮᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ᠂ ᠬᠠᠤᠯᠢ ᠬᠡᠷᠡᠭᠵᠢᠭᠦᠯᠬᠦ | ᠬᠢᠨᠠᠯᠲᠠ ᠲᠠᠯᠪᠢᠬᠤ ᠪᠢᠲᠡᠭᠦᠦ ᠴᠠᠭᠠᠷᠢᠭ ᠢᠶᠠᠷ ᠬᠠᠮᠢᠶᠠᠷᠪᠠ᠃ | ᠬᠥᠲᠥᠯᠥᠭᠴᠢ᠄ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠣᠳᠣᠬᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠷᠭ᠎ᠠ | ᠬᠡᠮᠵᠢᠶ᠎ᠡ ᠳᠤ ᠶᠠᠭᠤ ᠶᠠᠭᠤ ᠪᠠᠭᠲᠠᠵᠤ ᠪᠠᠶᠢᠨ᠎ᠠ︖ | ᠶᠦᠨ ᠰᠢᠶᠠᠩ᠄ | ᠨᠢᠭᠡ ᠳᠤ ᠬᠠᠤᠯᠢ ᠬᠡᠷᠡᠭᠵᠢᠭᠦᠯᠬᠦ ᠪᠡᠶᠡᠴᠢ ᠴᠣᠭᠴᠠ ᠶᠢᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠥᠮᠥᠵᠢᠯ ᠪᠣᠯᠪᠠᠰᠤᠷᠠᠭᠤᠯᠤᠯ ᠢᠶᠠᠷ ᠳᠠᠮᠵᠢᠭᠤᠯᠤᠨ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠢ ᠮᠡᠷᠭᠡᠵᠢᠯ ᠤᠨ ᠴᠢᠳᠠᠪᠤᠷᠢ ᠪᠠ ᠬᠠᠤᠯᠢ | ᠴᠠᠭᠠᠵᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢ ᠨᠡᠩ ᠣᠨᠣᠪᠴᠢᠲᠠᠶ ᠪᠠᠷ ᠣᠶᠢᠯᠠᠭᠠᠬᠤ ᠪᠠ ᠬᠡᠷᠡᠭᠵᠢᠭᠦᠯᠬᠦ ᠶᠢᠨ ᠤᠯᠠᠮ ᠠᠴᠠ | ᠬᠠᠤᠯᠢ ᠬᠡᠷᠡᠭᠵᠢᠭᠦᠯᠬᠦ ᠶᠢᠨ ᠲᠤᠰᠬᠠᠢ ᠮᠡᠷᠭᠡᠵᠢᠯ ᠪᠠ ᠵᠢᠷᠤᠮᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠪᠡ︔ ᠬᠤᠶᠠᠷ ᠲᠤ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠤᠨ ᠪᠠᠶᠢᠭᠤᠯᠤᠯᠲᠠ ᠶᠢ ᠴᠢᠩᠭᠠᠳᠬᠠᠪᠠ᠃ ᠪᠢᠳᠡ ᠬᠡᠷᠡᠭ ᠰᠢᠢᠳᠪᠦᠷᠢᠯᠡᠬᠦ ᠲᠣᠭᠤᠷᠢᠭ᠂ ᠬᠡᠷᠡᠭ ᠤᠨ | ᠬᠠᠮᠢᠶᠠᠷᠤᠯᠲᠠ ᠶᠢᠨ ᠲᠣᠭᠤᠷᠢᠭ᠂ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠶᠢᠨ ᠲᠣᠭᠤᠷᠢᠭ ᠵᠢᠴᠢ ᠪᠤᠰᠤᠳ | ᠲᠤᠰᠠᠯᠠᠬᠤ ᠴᠢᠳᠠᠮᠵᠢ ᠶᠢ ᠨᠢᠭᠡ ᠴᠣᠭᠴᠠᠵᠢᠭᠤᠯᠤᠭᠰᠠᠨ ︽ᠨᠢᠭᠡ ᠥᠷᠲᠡᠭᠡ ᠮᠠᠶ᠋ᠢᠭ︾ ᠤᠨ ᠬᠡᠷᠡᠭ ᠰᠢᠢᠳᠪᠦᠷᠢᠯᠡᠬᠦ ᠲᠠᠯᠠᠪᠤᠷ ᠭᠠᠵᠠᠷ ᠢ ᠪᠠᠶᠢᠭᠤᠯᠵᠤ᠂ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ᠂ ᠬᠢᠨᠠᠯᠲᠠ ᠲᠠᠯᠪᠢᠵᠤ ᠬᠠᠮᠢᠶᠠᠷᠬᠤ ᠪᠠ ᠦᠢᠯᠡᠴᠢᠯᠡᠭᠡᠨ ᠤ ᠪᠠᠲᠤᠯᠠᠭ᠎ᠠ ᠶᠢᠨ ︽ᠨᠢᠭᠡ ᠴᠣᠭᠴᠠᠵᠢᠭᠤᠯᠬᠤ︾ | ᠠᠵᠢᠯᠯᠠᠭᠠᠨ ᠤ ᠲᠣᠭᠲᠠᠴᠠ ᠶᠢ ᠬᠡᠷᠡᠭᠵᠢᠭᠦᠯᠵᠦ᠂ ︽ᠠᠮᠤᠷ ᠲᠦᠪᠰᠢᠨ᠂ ᠵᠢᠷᠤᠮᠵᠢᠯ ᠲᠠᠢ᠂ ᠡᠷᠴᠢᠮᠯᠢᠭ᠂ ᠣᠶᠤᠨᠴᠢᠯᠠᠭᠰᠠᠨ᠂ ᠥᠨᠳᠥᠷ ᠦᠷ᠎ᠡ ᠠᠰᠢᠭ ᠲᠠᠢ︾ | ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠵᠠᠭᠪᠤᠷ ᠢ ᠪᠤᠢ ᠪᠣᠯᠭᠠᠵᠤ᠂ ᠨᠢᠭᠡ ᠥᠷᠲᠡᠭᠡ ᠮᠠᠶ᠋ᠢᠭ ᠤᠨ ᠬᠡᠷᠡᠭ ᠰᠢᠢᠳᠪᠦᠷᠢᠯᠡᠬᠦ ᠶᠡᠷᠦᠩᠬᠡᠢ ᠰᠠᠭᠤᠷᠢᠨ᠂ | ᠬᠢᠨᠠᠯᠲᠠ ᠲᠠᠯᠪᠢᠵᠤ ᠬᠠᠮᠢᠶᠠᠷᠬᠤ ᠶᠡᠭᠡ ᠬᠦᠢᠰᠦ᠂ ᠪᠦᠬᠦ ᠶᠠᠪᠤᠴᠠ ᠶᠢᠨ ᠪᠠᠲᠤᠯᠠᠭ᠎ᠠ ᠲᠠᠢ ᠲᠣᠮᠣ ᠰᠠᠭᠤᠷᠢᠨ ᠭᠠᠵᠠᠷ ᠢ ᠪᠦᠬᠦ ᠬᠦᠴᠦᠨ ᠢᠶᠠᠷ ᠢᠶᠠᠨ ᠪᠠᠶᠢᠭᠤᠯᠪᠠ︔ | ᠭᠤᠷᠪᠠ ᠳᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠬᠡᠷᠡᠭ ᠰᠢᠢᠳᠪᠦᠷᠢᠯᠡᠵᠦ ᠬᠤᠪᠢ ᠲᠡᠮᠳᠡᠭᠯᠡᠬᠦ ᠳᠦᠷᠢᠮ ᠢ ᠡᠬᠢᠯᠡᠨ ᠬᠡᠷᠡᠭᠵᠢᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠳᠤ ᠪᠦᠬᠦ ᠶᠠᠪᠤᠴᠠ ᠶᠢᠨ᠂ | ᠲᠤᠬᠠᠢ ᠶᠢᠨ ᠴᠠᠭ ᠤᠨ᠂ ᠬᠥᠳᠡᠯᠦᠩᠭᠦᠢ ᠦᠨᠡᠯᠡᠯᠲᠡ ᠬᠢᠵᠦ᠂ ᠠᠷᠠᠳ ᠤᠨ ᠴᠠᠭᠳᠠᠭ᠎ᠠ ᠶᠢᠨ ᠬᠠᠷᠢᠭᠤᠴᠠᠬᠤ ᠰᠡᠳᠬᠢᠯ ᠢ ᠴᠢᠩᠭᠠᠳᠬᠠᠨ᠂ ᠬᠡᠷᠡᠭ ᠰᠢᠢᠳᠪᠦᠷᠢᠯᠡᠬᠦ | ᠶᠠᠰᠤ ᠴᠢᠨᠠᠷ ᠢ ᠡᠬᠢ ᠠᠴᠠ ᠨᠢ᠂ ᠲᠡᠰ ᠳᠠᠷᠠᠭᠠᠯᠠᠯ ᠳᠡᠭᠡᠷ᠎ᠡ ᠬᠦᠷᠲᠡᠯ᠎ᠡ ᠪᠠᠲᠤᠯᠠᠪᠠ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠭᠤᠯᠤᠭᠰᠠᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠣᠶᠣᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ | ᠬᠠᠤᠯᠢ ᠬᠡᠷᠡᠭᠵᠢᠭᠦᠯᠬᠦ ᠶᠢᠨ ᠬᠢᠨᠠᠯᠲᠠ ᠶᠢᠨ ︽ᠣᠶᠣᠨᠴᠢᠯᠠᠭᠰᠠᠨ ᠵᠠᠰᠠᠯᠲᠠ︾ ᠶᠢᠨ ᠴᠠᠭ ᠦᠶ᠎ᠡ ᠶᠢ ᠪᠦᠬᠦ ᠲᠠᠯ᠎ᠠ ᠪᠠᠷ ᠨᠡᠭᠡᠭᠡᠵᠦ᠂ ᠬᠠᠤᠯᠢ | ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢ ᠤᠯᠠᠮ ᠨᠠᠷᠢᠯᠢᠭ ᠪᠣᠯᠭᠠᠪᠠ᠃ | ᠬᠥᠲᠥᠯᠥᠭᠴᠢ᠄ | ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠢᠨᠠᠯᠲᠠ ᠪᠣᠯ ᠨᠡᠶᠢᠭᠡᠮ ᠤᠨ ᠡᠶ᠎ᠡ ᠵᠣᠬᠢᠴᠠᠯ ᠢ ᠬᠠᠮᠠᠭᠠᠯᠠᠵᠤ ᠡᠷᠬᠡᠲᠦ ᠠᠷᠠᠳ ᠤᠨ ᠡᠷᠬᠡ ᠠᠰᠢᠭ ᠢ | ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠪᠢᠳᠠ ᠪᠦᠬᠦᠨ ᠮᠡᠳᠡᠨ᠎ᠡ᠂ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠢᠨᠠᠯᠲᠠ ᠶᠢᠨ | ᠠᠵᠢᠯ ᠳᠤ ᠪᠣᠳᠠᠲᠠᠢ ᠶᠠᠮᠠᠷ ᠠᠷᠭ᠎ᠠ ᠬᠡᠮᠵᠢᠶ᠎ᠡ ᠠᠪᠤᠭᠰᠠᠨ ᠢ ᠳᠥᠭᠦᠮ ᠲᠠᠨᠢᠯᠴᠠᠭᠤᠯᠵᠤ ᠥᠭᠭᠦᠨ᠎ᠡ ᠤᠤ︖ | ᠭᠥᠸᠧ ᠸᠧᠢ ᠽᠠᠢ᠄ | ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠢᠨᠠᠯᠲᠠ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ ᠠᠷᠠᠳ ᠤᠨ ᠴᠠᠭᠳᠠᠭ᠎ᠠ ᠶᠢᠨ | ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠵᠥᠪ ᠭᠦᠢᠴᠡᠳᠬᠡᠬᠦ ᠶᠢ ᠪᠠᠲᠤᠯᠠᠵᠤ᠂ ᠬᠠᠤᠯᠢ ᠠᠴᠠ ᠵᠥᠷᠢᠴᠡᠭᠰᠡᠨ ᠪᠠ ᠵᠦᠢ ᠵᠣᠬᠢᠰ ᠦᠭᠡᠢ ᠬᠠᠤᠯᠢ | ᠬᠡᠷᠡᠭᠵᠢᠭᠦᠯᠬᠦ ᠠᠵᠢᠯᠯᠠᠭ᠎ᠠ ᠶᠢ ᠰᠡᠷᠭᠡᠶᠢᠯᠡᠨ ᠵᠠᠯᠠᠷᠠᠭᠤᠯᠵᠤ᠂ ᠠᠷᠠᠳ ᠢᠷᠭᠡᠨ᠂ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠥᠯᠥᠭᠡ ᠶᠤᠮ᠃ ᠥᠨᠥᠳᠥᠷ ᠪᠢ ᠭᠤᠣᠯᠳᠠᠭᠤ ᠬᠠᠤᠯᠢ ᠳᠦᠷᠢᠮ ᠤᠨ ᠰᠠᠯᠪᠤᠷᠢ ᠠᠩᠭᠢ ᠶᠢᠨ ᠥᠷᠨᠢᠭᠦᠯᠦᠭᠰᠡᠨ | ᠬᠤᠯᠪᠣᠭᠳᠠᠯ ᠪᠦᠬᠦᠢ ᠠᠵᠢᠯ ᠢ ᠣᠯᠠᠨ ᠳᠤ ᠲᠠᠨᠢᠯᠴᠠᠭᠤᠯᠤᠶ᠎ᠠ᠃ ᠨᠢᠭᠡ ᠳᠤ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠪᠠᠶᠢᠩᠭᠤ | ᠥᠷᠨᠢᠭᠦᠯᠪᠡ᠃ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠪᠠᠨ | ᠲᠠᠰᠤᠷᠠᠯᠲᠠ ᠦᠭᠡᠢ ᠬᠤᠪᠢᠷᠠᠭᠤᠯᠵᠤ᠂ ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ | ᠪᠠᠶᠢᠴᠠᠭᠠᠬᠤ ᠠᠵᠢᠯ ᠤᠨ ᠳᠤᠭᠤᠶᠢᠯᠠᠩ ᠤᠨ ᠠᠵᠢᠯᠯᠠᠭᠠᠨ ᠤ ᠲᠥᠰᠥᠯ ︵ᠲᠤᠷᠰᠢᠨ ᠬᠡᠷᠡᠭᠵᠢᠭᠦᠯᠬᠦ︶︾ ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠠᠵᠢᠯ ᠤᠨ ᠱᠠᠩᠨᠠᠵᠤ ᠲᠣᠷᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ | ᠳᠠᠷᠤᠮᠠᠯᠯᠠᠨ ᠲᠠᠷᠬᠠᠭᠠᠵᠤ᠂ ᠪᠦᠬᠦ ᠬᠤᠳᠠ ᠶᠢᠨ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ | ᠪᠠᠶᠢᠴᠠᠭᠠᠬᠤ ᠤᠷ᠎ᠠ ᠴᠢᠳᠠᠪᠤᠷᠢ ᠶᠢᠨ ᠤᠷᠤᠯᠳᠤᠭᠠᠨ ᠢ ᠡᠷᠬᠢᠯᠡᠵᠦ᠂ ᠨᠢᠭᠡ ᠪᠦᠯᠦᠭ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠦᠯᠲᠡ ᠶᠢᠨ ᠰᠢᠯᠢᠳᠡᠭ | ᠲᠣᠭᠤᠷᠢᠨ ᠪᠠᠶᠢᠴᠠᠭᠠᠭᠴᠢ ᠶᠢ ᠢᠯᠡᠷᠡᠭᠦᠯᠵᠦ᠂ ᠱᠠᠩᠨᠠᠨ ᠬᠥᠬᠢᠭᠦᠯᠵᠦ᠂ ᠳᠠᠶᠢᠴᠢᠯᠠᠵᠤ᠂ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠬᠤ ᠮᠡᠷᠭᠡᠵᠢᠯ ᠤᠨ | ᠰᠢᠯᠢᠳᠡᠭ ᠪᠠᠶᠢᠯᠳᠤᠬᠤ ᠠᠷᠭ᠎ᠠ ᠶᠢ ᠳᠡᠯᠭᠡᠷᠡᠭᠦᠯᠵᠦ᠂ ᠬᠠᠤᠯᠢ ᠬᠡᠷᠡᠭᠵᠢᠭᠦᠯᠬᠦ ᠬᠢᠨᠠᠯᠲᠠ ᠶᠢᠨ ︽ᠡᠴᠦᠰ ᠤᠨ ᠨᠢᠭᠡ ᠺᠢᠯᠣᠮᠧᠲᠷ︾ ᠤᠨ ᠰᠢᠢᠳᠪᠦᠷᠢᠲᠦ | ᠢᠯᠠᠯᠲᠠ ᠶᠢ ᠣᠯᠪᠠ᠃ ᠮᠠᠨ ᠤ ᠲᠣᠪᠴᠢᠶ᠎ᠠ ᠶᠢᠨ ᠴᠢᠮᠡᠭᠡ ᠮᠡᠳᠡᠭᠡ ᠶᠢᠨ ᠵᠢᠯᠣᠭᠤᠳᠬᠤ ᠲᠥᠪ ᠵᠡᠷᠭᠡ ᠰᠠᠯᠠᠭ᠎ᠠ ᠮᠥᠴᠢᠷ ᠲᠠᠢ ᠬᠠᠮᠲᠤ ᠪᠠᠷ ᠬᠡᠷᠡᠭ ᠤᠨ | ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠬᠦ ᠶᠢ ᠵᠢᠷᠤᠮᠵᠢᠭᠤᠯᠬᠤ ᠠᠵᠢᠯ ᠢ ᠰᠢᠮᠳᠠᠭᠤᠯᠤᠨ ᠪᠠᠶᠢᠴᠠᠭᠠᠵᠤ᠂ ᠰᠦᠯᠵᠢᠶᠡᠨ ᠳᠡᠭᠡᠷ᠎ᠡ ᠪᠠ | ᠰᠦᠯᠵᠢᠶᠡᠨ ᠠᠴᠠ ᠭᠠᠳᠠᠨ᠎ᠠ ᠬᠠᠤᠯᠢ ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠶᠢ ᠵᠡᠷᠭᠡ ᠪᠠᠷ ᠥᠷᠨᠢᠭᠦᠯᠬᠦ ᠶᠢᠨ ᠬᠠᠮᠲᠤ ᠲᠤᠬᠠᠢ ᠶᠢᠨ ᠲᠠᠯᠠᠪᠤᠷ ᠲᠤ | ᠬᠡᠷᠡᠭ ᠤᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠭᠰᠡᠨ ᠪᠠᠶᠢᠳᠠᠯ ᠳᠤ ᠴᠠᠭ ᠲᠤᠬᠠᠢ ᠳᠤᠨᠢ ᠬᠢᠨᠠᠯᠲᠠ ᠲᠠᠯᠪᠢᠵᠤ᠂ ᠴᠠᠭ ᠲᠤᠬᠠᠢ ᠳᠤᠨᠢ ᠵᠠᠷᠯᠠᠨ | ᠮᠡᠳᠡᠭᠳᠡᠵᠦ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠪᠠ᠃ ᠣᠯᠠᠨ ᠲᠦᠮᠡᠨ ᠤ ᠠᠩᠬᠠᠷᠤᠯ ᠤᠨ ᠬᠡᠮᠵᠢᠶ᠎ᠡ ᠪᠠᠷ ᠥᠨᠳᠥᠷ᠂ ᠬᠥᠨᠥᠭᠡᠯ ᠠᠮᠰᠠᠭᠰᠠᠨ | ᠬᠥᠮᠥᠨ ᠣᠯᠠᠨ᠂ ᠠᠮᠤᠷ ᠲᠦᠪᠰᠢᠨ ᠤ ᠳᠠᠯᠳᠠ ᠭᠡᠮ ᠤᠨ ᠲᠤᠰᠬᠠᠯ ᠲᠣᠪᠣᠶᠢᠮ᠎ᠠ ᠪᠠᠶᠢᠭ᠎ᠠ ᠬᠡᠷᠡᠭ ᠤᠨ ᠪᠠᠶᠢᠳᠠᠯ ᠢ ᠴᠠᠭ ᠲᠤᠬᠠᠢ ᠳᠤᠨᠢ ᠲᠣᠭᠤᠷᠢᠨ ᠪᠠᠶᠢᠴᠠᠭᠠᠵᠤ | ᠡᠮᠬᠢᠯᠡᠨ ᠳᠢᠭᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ᠂ ᠲᠣᠮᠢᠯᠠᠬᠤ ᠭᠠᠵᠠᠷ ᠠᠩᠭᠢ ᠳᠤ ᠬᠠᠤᠯᠢ ᠬᠡᠷᠡᠭᠵᠢᠭᠦᠯᠬᠦ ᠰᠠᠨᠠᠭᠤᠯᠤᠮᠵᠢ ᠶᠢᠨ ᠪᠢᠴᠢᠭ ᠪᠤᠶᠤ | ᠰᠠᠨᠠᠭᠤᠯᠭ᠎ᠠ ᠶᠢᠨ ᠪᠢᠴᠢᠭ ᠪᠠᠭᠤᠯᠭᠠᠵᠤ᠂ ᠣᠯᠠᠭᠤᠯᠠ ᠰᠤᠷᠪᠤᠯᠵᠢᠯᠠᠬᠤ᠂ ᠰᠦᠯᠵᠢᠶᠡᠨ ᠳᠡᠭᠡᠷᠡᠬᠢ ᠨᠠᠵᠠᠭᠠᠢ ᠲᠠᠯ᠎ᠠ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠵᠡᠷᠭᠡ | ᠪᠠᠶᠢᠳᠠᠯ ᠡᠭᠦᠰᠬᠦ ᠶᠢ ᠪᠦᠲᠦᠮᠵᠢᠲᠡᠶ ᠰᠡᠷᠭᠡᠶᠢᠯᠡᠪᠡ︔ ᠬᠤᠶᠠᠷ ᠲᠤ ᠳᠣᠲᠣᠭᠠᠳᠤ ᠶᠢ ᠬᠠᠮᠠᠭᠠᠯᠠᠬᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠤᠨ | ᠪᠠᠶᠢᠩᠭᠤ ᠶᠢᠨ ᠠᠵᠢᠯᠯᠠᠭᠠᠨ ᠢ ᠲᠦᠯᠬᠢᠨ ᠠᠬᠢᠭᠤᠯᠪᠠ᠃ ︽ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠠᠵᠢᠯ ᠤᠨ ᠳᠦᠷᠢᠮ︾ ︽ᠳᠣᠲᠣᠭᠠᠳᠤ ᠶᠢᠨ | ᠬᠠᠤᠯᠢ ᠬᠡᠷᠡᠭᠵᠢᠭᠦᠯᠬᠦ ᠬᠢᠨᠠᠯᠲᠠ ᠶᠢᠨ ᠠᠵᠢᠯ ᠤᠨ ᠨᠠᠷᠢᠨ ᠳᠦᠷᠢᠮ︾ ᠵᠡᠷᠭᠡ 55 ᠳᠦᠷᠢᠮ ᠲᠣᠭᠲᠠᠴᠠ ᠂ ᠬᠠᠤᠯᠢ ᠬᠡᠷᠡᠭᠵᠢᠭᠦᠯᠬᠦ ᠨᠠᠷᠢᠨ ᠳᠦᠷᠢᠮ ᠪᠠ ᠪᠣᠳᠠᠲᠤ | ᠳᠠᠶᠢᠨ ᠤ ᠵᠢᠯᠣᠭᠤᠳᠤᠮᠵᠢ ᠶᠢᠨ 47 ᠵᠦᠢᠯ ᠤᠨ ᠪᠣᠳᠠᠲᠤ ᠪᠣᠯᠪᠠᠰᠤᠷᠠᠯ ᠤᠨ ᠵᠢᠯᠣᠭᠤᠳᠤᠮᠵᠢ ᠶᠢ ᠨᠡᠶᠢᠲᠡᠯᠡᠵᠦ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠠ | ᠠᠵᠢᠯ ᠤᠨ ᠪᠠᠶᠢᠷᠢ ᠶᠢᠨ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠤᠷᠮᠠᠰᠢᠭᠤᠯᠤᠨ | ᠵᠣᠷᠢᠭᠵᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠦᠭᠰᠡᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠳᠦᠷᠢᠮ᠂ | ᠠᠷᠠᠳ ᠤᠨ ᠴᠠᠭᠳᠠᠭ᠎ᠠ ᠶᠢᠨ ᠬᠠᠤᠯᠢ ᠬᠡᠷᠡᠭᠵᠢᠭᠦᠯᠬᠦ ᠡᠷᠬᠡ ᠠᠰᠢᠭ ᠢ ᠬᠠᠮᠠᠭᠠᠯᠠᠬᠤ ᠳᠦᠷᠢᠮ ᠪᠠ ᠬᠠᠷᠢᠭᠤᠴᠠᠯᠭ᠎ᠠ ᠠᠴᠠ ᠬᠡᠯᠲᠦᠷᠢᠭᠦᠯᠵᠦ ᠪᠤᠷᠤᠭᠤ ᠶᠢ | ᠠᠭᠤᠴᠢᠯᠠᠨ ᠪᠠᠭᠲᠠᠭᠠᠬᠤ ᠠᠯᠳᠠᠭ᠎ᠠ ᠪᠤᠷᠤᠭᠤ ᠶᠢ ᠵᠠᠯᠠᠷᠠᠭᠤᠯᠬᠤ ᠵᠡᠷᠭᠡ ᠳᠦᠷᠢᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ | ᠵᠢᠷᠤᠮᠵᠢᠭᠤᠯᠪᠠ᠃ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠤᠨ ︽ᠶᠡᠭᠡ ᠬᠢᠨᠠᠯᠲᠠ ᠲᠠᠯᠪᠢᠬᠤ︾ ᠡᠭᠦᠷᠭᠡ ᠴᠢᠳᠠᠪᠤᠷᠢ ᠳᠤ ᠲᠦᠰᠢᠭᠯᠡᠨ᠂ ᠪᠦᠬᠦ | ᠬᠤᠳᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠵᠥᠪᠯᠡᠯ ᠤᠨ ᠠᠬᠤᠢ ᠲᠠᠯᠠᠪᠠᠢ ᠶᠢᠨ ᠬᠤᠷᠠᠯ᠂ ᠪᠦᠬᠦ | ᠬᠤᠳᠠ ᠶᠢᠨ ᠬᠠᠤᠯᠢ ᠳᠦᠷᠢᠮ ᠤᠨ ᠰᠠᠯᠠᠭ᠎ᠠ ᠮᠥᠴᠢᠷ ᠤᠨ ᠰᠠᠭᠤᠳᠠᠯ ᠤᠨ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠬᠠᠮᠢᠶᠠᠷᠤᠯᠲᠠ ᠶᠢᠨ ᠲᠥᠪ ᠪᠣᠯᠣᠨ ᠬᠠᠤᠯᠢ ᠳᠦᠷᠢᠮ ᠤᠨ ᠠᠵᠢᠯᠲᠠᠨ ᠤ ᠲᠣᠭᠲᠠᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠬᠡᠷᠡᠭ ᠤᠨ ᠪᠠᠶᠢᠳᠠᠯ᠂ ᠬᠡᠷᠡᠭ ᠢ ᠰᠢᠯᠭᠠᠨ ᠦᠨᠡᠯᠡᠬᠦ ᠠᠵᠢᠯ ᠢ ᠦᠷᠭᠦᠯᠵᠢᠯᠡᠨ ᠥᠷᠨᠢᠭᠦᠯᠪᠡ︔ ᠭᠤᠷᠪᠠ ᠳᠤ ᠬᠡᠷᠡᠭ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ | ᠦᠢᠯᠡᠴᠢᠯᠡᠭᠡ ᠶᠢ ᠲᠠᠰᠤᠷᠠᠯᠲᠠ ᠦᠭᠡᠢ ᠰᠢᠯᠢᠳᠡᠭᠵᠢᠭᠦᠯᠪᠡ᠃ ᠬᠡᠷᠡᠭ ᠢ ᠰᠢᠭᠦᠵᠦ ᠬᠢᠨᠠᠨ ᠬᠠᠷᠭᠤᠭᠤᠯᠬᠤ ᠲᠥᠪ ᠴᠢᠩᠭ᠎ᠠ ᠴᠢᠨᠠᠷ ᠪᠠ ᠲᠥᠪ ᠭᠤᠣᠯᠴᠢ ᠴᠢᠨᠠᠷ ᠢ | ᠦᠨᠡᠨ ᠬᠦ ᠪᠠᠲᠤᠯᠠᠬᠤ ᠶᠢᠨ ᠲᠥᠯᠥᠭᠡ᠂ ᠡᠯ᠎ᠡ ᠱᠠᠲᠤᠨ ᠤ ᠬᠠᠤᠯᠢ ᠳᠦᠷᠢᠮ ᠤᠨ ᠰᠠᠯᠠᠭ᠎ᠠ ᠮᠥᠴᠢᠷ ᠬᠡᠷᠡᠭ ᠤᠨ ᠪᠣᠳᠠᠲᠤ ᠶᠠᠪᠤᠳᠠᠯ ᠤᠨ ᠭᠤᠭᠴᠤᠭ᠎ᠠ᠂ ᠭᠡᠷᠡᠴᠢ | ᠪᠠᠷᠢᠮᠲᠠ ᠶᠢᠨ ᠭᠤᠭᠴᠤᠭ᠎ᠠ᠂ ᠰᠢᠨᠵᠢ ᠴᠢᠨᠠᠷ ᠢ ᠲᠣᠭᠲᠠᠭᠠᠬᠤ ᠭᠤᠭᠴᠤᠭ᠎ᠠ᠂ ᠳᠠᠷᠠᠭᠠᠯᠠᠯ ᠤᠨ ᠭᠤᠭᠴᠤᠭ᠎ᠠ᠂ ᠰᠢᠢᠳᠪᠦᠷᠢᠯᠡᠬᠦ ᠭᠤᠭᠴᠤᠭ᠎ᠠ᠂ | ᠴᠠᠭ ᠬᠤᠭᠤᠴᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠬᠡᠷᠡᠭ ᠢ ᠰᠢᠢᠳᠪᠦᠷᠢᠯᠡᠬᠦ ᠶᠠᠪᠤᠴᠠ ᠳᠠᠬᠢ ᠡᠯ᠎ᠡ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ | ᠵᠠᠩᠭᠢᠯᠠᠭ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠡᠷᠬᠡ ᠬᠠᠷᠢᠭᠤᠴᠠᠯᠭ᠎ᠠ ᠶᠢᠨ ᠡᠭᠦᠷᠭᠡ ᠶᠢ ᠲᠣᠳᠣᠷᠬᠠᠶᠢᠯᠠᠵᠤ᠂ ᠬᠡᠷᠡᠭ ᠢ ᠬᠦᠯᠢᠶᠡᠨ ᠠᠪᠴᠤ | ᠰᠢᠢᠳᠪᠦᠷᠢᠯᠡᠬᠦ ᠠᠴᠠ ᠠᠪᠤᠭᠠᠳ ᠰᠢᠢᠳᠪᠦᠷᠢᠯᠡᠵᠦ ᠳᠠᠭᠤᠰᠬᠠᠬᠤ ᠬᠦᠷᠲᠡᠯᠡᠬᠢ ᠪᠦᠬᠦ ᠶᠠᠪᠤᠴᠠ ᠳᠤ ᠴᠢᠩᠭ᠎ᠠ ᠬᠢᠨᠠᠯᠲᠠ ᠲᠠᠯᠪᠢᠵᠤ ᠡᠵᠡᠮᠳᠡᠬᠦ ᠪᠣᠯᠪᠠ᠃ ᠡᠭᠦᠨ ᠤ | ᠬᠠᠮᠲᠤ᠂ ᠬᠠᠤᠯᠢ ᠳᠦᠷᠢᠮ ᠤᠨ ᠰᠠᠯᠠᠭ᠎ᠠ ᠮᠥᠴᠢᠷ ᠤᠨ ᠵᠡᠷᠭᠡᠪᠡᠷ ᠬᠡᠷᠡᠭ ᠰᠢᠢᠳᠪᠦᠷᠢᠯᠡᠬᠦ᠂ ᠤᠷᠢᠳᠴᠢᠯᠠᠨ ᠬᠢᠨᠠᠨ ᠬᠠᠷᠭᠤᠭᠤᠯᠬᠤ ᠠᠵᠢᠯ ᠤᠨ ᠵᠠᠭᠪᠤᠷ ᠵᠢᠴᠢ | ᠪᠠᠶᠢᠴᠠᠭᠠᠬᠤ ᠪᠠᠶᠢᠭᠤᠯᠭ᠎ᠠ ᠶᠢᠨ ᠲᠤᠷᠰᠢᠨ ᠪᠠᠶᠢᠴᠠᠭᠠᠬᠤ ᠪᠠ ᠬᠢᠨᠠᠨ ᠪᠠᠶᠢᠴᠠᠭᠠᠬᠤ ᠠᠵᠢᠯ ᠤᠨ ᠬᠠᠮᠲᠤᠷᠠᠨ ᠠᠵᠢᠯᠯᠠᠬᠤ ᠲᠣᠭᠲᠠᠴᠠ ᠳᠤ ᠲᠦᠰᠢᠭᠯᠡᠨ᠂ | ᠡᠷᠡᠭᠦᠦ ᠶᠢᠨ ᠬᠡᠷᠡᠭ ᠢ ᠬᠢᠨᠠᠨ ᠬᠠᠷᠭᠤᠭᠤᠯᠬᠤ ᠳᠠᠷᠠᠭᠠᠯᠠᠯ ᠢ ᠤᠯᠠᠮ ᠨᠢᠭᠡ ᠠᠯᠬᠤᠮ ᠴᠢᠩᠭ᠎ᠠ ᠨᠠᠶᠢᠳᠠᠪᠤᠷᠢᠵᠢᠭᠤᠯᠵᠤ᠂ ᠡᠷᠡᠭᠦᠦ ᠶᠢᠨ ᠬᠡᠷᠡᠭ ᠢ ᠰᠢᠢᠳᠪᠦᠷᠢᠯᠡᠬᠦ | ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠪᠡ᠃ | ᠬᠥᠲᠥᠯᠥᠭᠴᠢ᠄ | ᠲᠠᠨ ᠤ ᠲᠠᠨᠢᠯᠴᠠᠭᠤᠯᠬᠤ ᠶᠢ ᠰᠣᠨᠣᠰᠤᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠳᠣᠲᠣᠷ᠎ᠠ ᠪᠠᠨ ᠥᠷᠨᠢᠭᠦᠯᠦᠭᠰᠡᠨ ᠬᠠᠤᠯᠢ ᠬᠡᠷᠡᠭᠵᠢᠭᠦᠯᠬᠦ | ᠬᠢᠨᠠᠯᠲᠠ ᠶᠢᠨ ᠠᠵᠢᠯ ᠲᠤᠶᠢᠯ ᠤᠨ ᠴᠢᠩᠭ᠎ᠠ ᠨᠢᠮᠪᠠᠢ ᠪᠠᠶᠢᠳᠠᠭ ᠢ ᠮᠡᠳᠡᠯ᠎ᠡ᠂ ᠲᠡᠭᠡᠪᠡᠯ ᠨᠡᠶᠢᠭᠡᠮ ᠤᠨ ᠬᠢᠨᠠᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠵᠠᠮ ᠢ | ᠨᠡᠭᠡᠭᠡᠭᠰᠡᠨ ᠪᠤᠢ︖ | ᠭᠥᠸᠧ ᠸᠧᠢ ᠽᠠᠢ᠄ | ᠪᠢᠳᠡ ᠳᠣᠲᠣᠭᠠᠳᠤ ᠶᠢ ᠬᠠᠮᠠᠭᠠᠯᠠᠬᠤ ᠶᠠᠮᠤᠨ ᠤ ︽ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢ ᠢᠯᠡ ᠪᠣᠯᠭᠠᠬᠤ | ᠲᠣᠭᠲᠠᠭᠠᠯ︾ ᠢ ᠭᠦᠨᠵᠡᠭᠡᠢ ᠨᠠᠶᠢᠳᠠᠪᠤᠷᠢᠵᠢᠭᠤᠯᠵᠤ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠲᠥᠪ ᠭᠤᠣᠯᠴᠢ᠂ ᠢᠯᠡ ᠲᠣᠳᠣ ᠴᠠᠭᠳᠠᠭᠠᠨ ᠤ | ᠶᠠᠪᠤᠳᠠᠯ ᠤᠨ ᠰᠢᠨ᠎ᠡ ᠲᠣᠭᠲᠠᠴᠠ ᠶᠢ ᠢᠳᠡᠪᠬᠢᠲᠡᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠢᠯᠡᠴᠢᠯᠡᠨ ᠮᠡᠳᠡᠭᠦᠯᠬᠦ ᠪᠠ ᠵᠠᠭᠠᠯᠳᠤᠬᠤ | ᠳᠦᠷᠢᠮ ᠢ ᠪᠠᠶᠢᠭᠤᠯᠵᠤ᠂ ︽12389︾ ᠢᠯᠡᠴᠢᠯᠡᠨ ᠮᠡᠳᠡᠭᠦᠯᠵᠦ ᠵᠠᠭᠠᠯᠳᠤᠬᠤ ᠲᠠᠪᠴᠠᠩ᠂ 6699720 ᠢᠯᠡᠴᠢᠯᠡᠨ ᠮᠡᠳᠡᠭᠦᠯᠵᠦ ᠵᠠᠭᠠᠯᠳᠤᠬᠤ ᠬᠠᠯᠠᠮᠰᠢᠯ | ᠤᠲᠠᠰᠤ᠂ ︽24 ᠴᠠᠭ ᠤᠨ ᠴᠠᠭᠳᠠᠭᠠᠨ ᠤ ᠲᠣᠪᠴᠢᠶ᠎ᠠ︾ ᠶᠢᠨ ᠰᠦᠯᠵᠢᠶᠡᠨ ᠳᠡᠭᠡᠷ᠎ᠡ ᠢᠯᠡᠴᠢᠯᠡᠨ ᠮᠡᠳᠡᠭᠦᠯᠵᠦ ᠵᠠᠭᠠᠯᠳᠤᠬᠤ ᠬᠡᠰᠡᠭ ᠂ ᠵᠠᠭᠠᠯᠳᠤᠯᠭ᠎ᠠ ᠶᠢ | ᠬᠦᠯᠢᠶᠡᠨ ᠠᠪᠤᠭᠰᠠᠨ ᠳᠠᠷᠤᠢ ᠭᠦᠢᠴᠡᠳᠬᠡᠬᠦ᠂ ᠵᠠᠬᠢᠳᠠᠯ ᠰᠣᠷᠪᠤᠯᠵᠢᠯᠠᠭ᠎ᠠ ᠶᠢ ᠬᠦᠯᠢᠶᠡᠨ ᠠᠪᠬᠤ ᠵᠡᠷᠭᠡ 5 ᠠᠷᠭ᠎ᠠ ᠵᠠᠮ ᠢᠶᠠᠷ ᠤᠯᠠᠨ ᠲᠦᠮᠡᠨ ᠤ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠪᠦᠬᠦ ᠲᠠᠯ᠎ᠠ ᠪᠠᠷ ᠬᠦᠯᠢᠶᠡᠵᠦ᠂ ᠤᠯᠠᠨ ᠲᠦᠮᠡᠨ ᠤ ᠢᠯᠡᠴᠢᠯᠡᠨ ᠮᠡᠳᠡᠭᠦᠯᠵᠦ ᠵᠠᠭᠠᠯᠳᠤᠭᠰᠠᠨ ᠪᠠᠶᠢᠳᠠᠯ ᠢ ᠡᠳᠦᠷ ᠲᠤ | ᠬᠤᠷᠢᠶᠠᠩᠭᠤᠶᠢᠯᠠᠨ᠂ ᠡᠳᠦᠷ ᠲᠤ ᠮᠡᠳᠡᠭᠦᠯᠬᠦ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠰᠠᠭᠤᠳᠠᠯ ᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠵᠦ᠂ ᠬᠢᠨᠠᠯᠲᠠ ᠳᠣᠣᠷ᠎ᠠ ᠡᠷᠬᠡ ᠪᠠᠨ ᠬᠡᠷᠡᠭᠯᠡᠬᠦ᠂ ᠣᠯᠠᠨ ᠤ ᠨᠢᠳᠦᠨ ᠳᠣᠣᠷ᠎ᠠ ᠬᠠᠤᠯᠢ | ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃ | ᠬᠥᠲᠥᠯᠥᠭᠴᠢ᠄ | ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠳᠤᠮᠳᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠬᠡᠷᠡᠭᠵᠢᠭᠦᠯᠬᠦ ᠪᠠ | ᠦᠢᠯᠡᠴᠢᠯᠡᠬᠦ ᠶᠢᠨ ᠬᠠᠷᠢᠴᠠᠭ᠎ᠠ ᠶᠢ ᠬᠡᠷᠬᠢᠨ ᠰᠢᠢᠳᠪᠦᠷᠢᠯᠡᠳᠡᠭ ᠪᠣᠢ︖ | ᠭᠥᠸᠧ ᠸᠧᠢ ᠽᠠᠢ᠄ | ᠬᠠᠤᠯᠢᠵᠢᠯ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠲᠠ ᠳᠤᠮᠳᠠ᠂ ᠪᠢᠳᠠ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ᠂ ᠠᠷᠠᠳ ᠤᠨ | ᠲᠥᠯᠥᠭᠡ ᠦᠢᠯᠡᠴᠢᠯᠡᠬᠦ ᠣᠶᠢᠯᠠᠭᠠᠭᠳᠠᠬᠤᠨ ᠢ ᠴᠠᠭ ᠢᠮᠠᠭᠲᠠ ᠪᠠᠷᠢᠮᠲᠠᠯᠠᠳᠠᠭ᠃ ᠨᠢᠭᠡ ᠲᠠᠯ᠎ᠠ ᠪᠠᠷ᠂ ᠪᠢᠳᠠᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠴᠢᠩᠭ᠎ᠠ ᠭᠦᠢᠴᠡᠳᠬᠡᠵᠦ᠂ ᠨᠡᠶᠢᠭᠡᠮ ᠤᠨ ᠡᠮᠬᠢ ᠵᠢᠷᠤᠮ ᠪᠠ ᠣᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠳᠠᠭ᠃ ᠨᠥᠭᠦᠭᠡ ᠲᠠᠯ᠎ᠠ ᠪᠠᠷ᠂ ᠪᠢᠳᠠᠨ | ᠳᠣᠲᠣᠭᠠᠳᠤ ᠶᠢ ᠬᠠᠮᠠᠭᠠᠯᠠᠬᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢᠨ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠤᠴᠢᠷ | ᠶᠠᠪᠤᠳᠠᠯ ᠭᠦᠢᠴᠡᠳᠬᠡᠬᠦ ᠶᠠᠪᠤᠴᠠ ᠶᠢ ᠳᠥᠭᠦᠮᠴᠢᠯᠡᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠨᠡᠩ ᠳᠥᠭᠦᠮ ᠲᠦᠲᠡ᠂ | ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠳᠠᠭ᠃ ᠡᠭᠦᠨ ᠤ ᠬᠠᠮᠲᠤ ᠪᠦᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠠᠭᠳᠠᠭᠠᠨ ᠤ | ᠶᠠᠪᠤᠳᠠᠯ ᠢ ᠢᠯᠡ ᠪᠣᠯᠭᠠᠬᠤ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠵᠡᠷᠭᠡ ᠠᠵᠢᠯ ᠤᠨ ᠬᠢᠷᠢ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠪᠡ᠃ | ᠬᠥᠲᠥᠯᠥᠭᠴᠢ᠄ | ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠰᠢᠯᠢᠳᠡᠭᠵᠢᠭᠦᠯᠬᠦ ᠲᠠᠯ᠎ᠠ ᠪᠠᠷ ᠮᠠᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠠᠮᠠᠷ ᠶᠠᠮᠠᠷ ᠠᠵᠢᠯ ᠬᠢᠪᠡ︖ | | ᠭᠥᠸᠧ ᠸᠧᠢ ᠽᠠᠢ᠄ | ᠪᠢᠳᠠᠨ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠠᠰᠠᠭᠤᠳᠠᠯ ᠢ ᠡᠷᠢᠨ ᠪᠠᠭᠤᠷᠠᠢ ᠲᠠᠯ᠎ᠠ ᠪᠠᠨ ᠣᠯᠵᠤ᠂ ᠠᠰᠠᠭᠤᠳᠠᠯ ᠢ ᠥᠭᠡᠷᠡᠴᠢᠯᠡᠨ | ᠰᠠᠶᠢᠵᠢᠷᠠᠭᠤᠯᠬᠤ ᠪᠠ ᠦᠢᠯᠡᠴᠢᠯᠡᠭᠡ ᠪᠠᠨ ᠰᠢᠯᠢᠳᠡᠭᠵᠢᠭᠦᠯᠬᠦ ︽ᠬᠤᠣᠰ ᠴᠢᠭᠯᠡᠯ︾ ᠢᠶᠠᠷ ᠬᠦᠴᠦᠯᠡᠪᠡ᠃ ᠨᠢᠭᠡ ᠳᠤ ︽ᠨᠢᠭᠡ ᠰᠦᠯᠵᠢᠶ᠎ᠡ ᠪᠠᠷ ᠨᠡᠶᠢᠳᠡᠮ | ᠭᠦᠢᠴᠡᠳᠬᠡᠬᠦ︾ ᠶᠢ ᠬᠡᠷᠡᠭᠯᠡᠵᠦ ᠪᠣᠯᠬᠤ ᠠᠴᠠ ᠬᠡᠷᠡᠭᠯᠡᠬᠦ ᠳᠤ ᠰᠠᠶᠢᠨ ᠪᠣᠯᠭᠠᠨ ᠰᠢᠨᠡᠴᠢᠯᠡᠪᠡ᠃ ᠬᠤᠶᠠᠷ ᠲᠤ ᠨᠡᠩ ᠣᠯᠠᠨ ᠠᠷᠠᠳ ᠲᠤ ᠳᠥᠭᠦᠮ ᠠᠵᠤ | ᠠᠬᠤᠶᠢᠯᠠᠯ ᠳᠤ ᠠᠰᠢᠭ ᠲᠠᠢ ᠠᠷᠭ᠎ᠠ ᠬᠡᠮᠵᠢᠶ᠎ᠡ ᠶᠢ ᠠᠪᠤᠪᠠ᠃ ᠭᠤᠷᠪᠠ ᠳᠤ ᠨᠡᠩ ᠣᠯᠠᠨ ᠤᠴᠢᠷ ᠶᠠᠪᠤᠳᠠᠯ ᠭᠦᠢᠴᠡᠳᠬᠡᠬᠦ ᠵᠦᠢᠯ ᠢ ᠶᠡᠷᠦᠩᠬᠡᠶᠢᠯᠡᠭᠰᠡᠨ | ᠴᠣᠩᠬᠤᠨ ᠳᠤ ᠣᠷᠣᠭᠤᠯᠤᠨ ᠰᠠᠭᠤᠯᠭᠠᠵᠤ᠂ ︽ᠠᠷᠪᠠᠨ ᠲᠠᠪᠤᠨ ᠮᠢᠨᠦ᠋ᠲ ᠤᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠴᠠᠭᠠᠷᠢᠭ︾ ᠢ | ᠪᠠᠶᠢᠭᠤᠯᠪᠠ᠃ | ᠬᠥᠲᠥᠯᠥᠭᠴᠢ᠄ | ᠪᠢᠳᠠᠨ ᠤ ᠮᠡᠳᠡᠬᠦ ᠪᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ | ᠴᠢᠬᠤᠯᠠ ᠦᠢᠯᠡᠳᠦᠯ ᠦᠵᠡᠭᠦᠯᠵᠦ ᠪᠠᠶᠢᠳᠠᠭ᠂ ᠲᠡᠭᠡᠪᠡᠯ ᠠᠵᠤ ᠠᠬᠤᠶᠢᠯᠠᠯ ᠳᠤ ᠦᠢᠯᠡᠴᠢᠯᠡᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠢ︖ | ᠭᠥᠸᠧ ᠸᠧᠢ ᠽᠠᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠠᠤᠯᠢ ᠪᠠᠷ ᠵᠠᠰᠠᠬᠤ | ᠲᠤᠬᠠᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠦᠢᠯᠡᠴᠢᠯᠡᠨ᠂ | ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠵᠦ᠂ ᠡᠭᠦᠨ ᠤ ᠤᠯᠠᠮ ᠢᠶᠠᠷ ᠲᠣᠭᠲᠠᠭᠤᠨ᠂ ᠠᠮᠤᠷ ᠲᠦᠪᠰᠢᠨ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠶ ᠪᠣᠯᠭᠠᠪᠠ᠂ ᠭᠤᠣᠯᠳᠠᠭᠤ ᠳᠣᠣᠷᠠᠬᠢ ᠮᠡᠲᠦ ᠠᠷᠭ᠎ᠠ ᠮᠠᠶ᠋ᠢᠭ ᠢᠶᠠᠷ ᠠᠵᠤ ᠠᠬᠤᠶᠢᠯᠠᠯ ᠳᠤ ᠦᠢᠯᠡᠴᠢᠯᠡᠪᠡ᠄ | ᠨᠢᠭᠡ ᠳᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠪᠡ᠃ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠶᠡᠷᠦᠩᠬᠡᠶᠢᠯᠡᠭᠰᠡᠨ ᠬᠡᠳᠦ ᠳᠡᠯᠭᠡᠭᠦᠷ︾ ︽ᠨᠢᠭᠡ ᠴᠣᠩᠬᠤ ᠪᠠᠷ ᠨᠡᠶᠢᠳᠡᠮ ᠭᠦᠢᠴᠡᠳᠬᠡᠬᠦ︾ ᠪᠠ ︽ᠨᠢᠭᠡ ᠥᠷᠲᠡᠭᠡ ᠮᠠᠶ᠋ᠢᠭ︾ | ᠤᠨ ᠲᠣᠮᠢᠯᠠᠭᠰᠠᠨ ᠰᠠᠯᠪᠤᠷᠢ ᠶᠢᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠬᠢᠯᠢ ᠪᠠᠷ ᠣᠷᠣᠵᠤ ᠭᠠᠷᠬᠤ ᠪᠠ ᠮᠠᠰᠢᠨ | ᠲᠡᠷᠭᠡᠨ ᠤ ᠬᠠᠮᠢᠶᠠᠷᠤᠯᠲᠠ ᠶᠢᠨ ᠭᠠᠵᠠᠷ ᠤᠨ ᠲᠤᠰᠬᠠᠢ ᠬᠤᠪᠢᠶᠠᠷᠢ ᠲᠢᠩᠬᠢᠮ ᠢ ︽ᠶᠡᠷᠦᠩᠬᠡᠶᠢᠯᠡᠭᠰᠡᠨ︾ ᠪᠣᠯᠭᠠᠬᠤ ᠥᠭᠡᠷᠡᠴᠢᠯᠡᠯᠲᠡ ᠪᠠ ︽ᠨᠢᠭᠤᠷ ᠵᠣᠯᠭᠠᠬᠤ | ᠦᠭᠡᠢ ᠪᠠᠷ ᠬᠢᠨᠠᠨ ᠵᠥᠪᠰᠢᠶᠡᠷᠡᠭᠦᠯᠬᠦ︾ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠣᠷᠣᠵᠤ ᠪᠣᠯᠬᠤ ᠶᠢ ᠪᠦᠬᠦᠨ ᠢ ᠣᠷᠣᠭᠤᠯᠪᠠ᠃ ᠠᠵᠤ | ᠠᠬᠤᠶᠢᠯᠠᠯ ᠳᠤ ᠬᠤᠯᠪᠣᠭᠳᠠᠭᠰᠠᠨ ᠠᠵᠤ ᠠᠬᠤᠢ ᠶᠢᠨ ᠶᠠᠯᠠᠲᠤ ᠬᠡᠷᠡᠭ ᠢ ᠬᠡᠷᠡᠭ ᠢᠶᠠᠷ ᠳᠠᠩᠰᠠᠯᠠᠬᠤ ᠰᠠᠭᠠᠳ ᠦᠭᠡᠢ ᠨᠡᠪᠲᠡᠷᠡᠬᠦ ᠵᠠᠮ ᠢ ᠪᠠᠶᠢᠭᠤᠯᠵᠤ᠂ ᠠᠵᠤ | ᠠᠬᠤᠶᠢᠯᠠᠯ ᠳᠤ ᠬᠤᠯᠪᠣᠭᠳᠠᠭᠰᠠᠨ ᠪᠠᠲᠤᠯᠠᠭ᠎ᠠ ᠠᠪᠤᠭᠰᠠᠨ ᠬᠥᠮᠥᠨ ᠤ ᠭᠠᠳᠠᠷ ᠣᠷᠣᠨ ᠳᠤ ᠣᠴᠢᠵᠤ ᠡᠵᠡᠩᠨᠡᠯᠲᠡ ᠦᠢᠯᠡᠳᠪᠦᠷᠢᠯᠡᠯ ᠤᠨ ᠠᠵᠢᠯᠯᠠᠭ᠎ᠠ ᠬᠢᠬᠦ ᠶᠢ | ᠵᠥᠪᠰᠢᠶᠡᠷᠡᠬᠦ ᠳᠠᠷᠠᠭᠠᠯᠠᠯ ᠢ ᠳᠥᠭᠦᠮᠴᠢᠯᠡᠵᠦ᠂ ᠬᠡᠷᠡᠭ ᠲᠤ ᠬᠤᠯᠪᠣᠭᠳᠠᠭᠰᠠᠨ ᠠᠵᠤ ᠠᠬᠤᠶᠢᠯᠠᠯ ᠲᠠᠢ ᠵᠣᠯᠭᠠᠭᠤᠯᠤᠨ᠂ ᠠᠵᠤ ᠠᠬᠤᠶᠢᠯᠠᠯ ᠤᠨ ᠲᠠᠬᠢᠨ ᠶᠠᠯ᠎ᠠ ᠬᠢᠬᠦ | ᠠᠶᠤᠯ ᠲᠦᠭᠰᠢᠭᠦᠷᠢ ᠶᠢ ᠠᠷᠢᠯᠭᠠᠵᠤ᠂ ᠬᠤᠳᠠᠯᠳᠤᠭᠠᠴᠢᠨ ᠢ ᠠᠮᠤᠷᠵᠢᠭᠤᠯᠵᠤ ᠠᠵᠤ ᠠᠬᠤᠶᠢᠯᠠᠯ ᠳᠤ ᠠᠰᠢᠭ ᠬᠦᠷᠲᠡᠭᠡᠬᠦ ᠬᠠᠤᠯᠢ ᠪᠠᠷ ᠵᠠᠰᠠᠬᠤ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠪᠠ︔ ᠬᠤᠶᠠᠷ ᠲᠤ ᠠᠵᠤ ᠠᠬᠤᠶᠢᠯᠠᠯ ᠢ ᠬᠠᠮᠠᠭᠠᠯᠠᠵᠤ ᠬᠤᠳᠠᠯᠳᠤᠭᠠᠴᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ | ᠲᠥᠪ ᠢᠶᠠᠷ ᠳᠠᠮᠵᠢᠭᠤᠯᠤᠨ ᠦᠢᠯᠡᠴᠢᠯᠡᠭᠡ ᠬᠠᠩᠭᠠᠪᠠ᠃ ᠨᠢᠭᠡᠨᠲᠡ ᠪᠠᠶᠢᠭᠤᠯᠵᠤ ᠳᠠᠭᠤᠰᠬᠠᠭᠰᠠᠨ ᠬᠤᠲᠣᠩ ᠠᠷᠠᠳ ᠤᠨ ᠲᠣᠭᠤᠷᠢᠭ ᠤᠨ ᠠᠵᠤ ᠠᠬᠤᠶᠢᠯᠠᠯ ᠢ | ᠬᠠᠮᠠᠭᠠᠯᠠᠵᠤ ᠬᠤᠳᠠᠯᠳᠤᠭᠠᠴᠢᠨ ᠢ ᠰᠢᠯᠢᠳᠡᠭᠵᠢᠭᠦᠯᠬᠦ ᠦᠢᠯᠡᠴᠢᠯᠡᠭᠡᠨ ᠤ ᠲᠥᠪ ᠲᠤ ᠠᠵᠤ ᠠᠬᠤᠢ ᠶᠢᠨ ᠲᠤᠷᠰᠢᠨ ᠪᠠᠶᠢᠴᠠᠭᠠᠯᠲᠠ᠂ ᠣᠷᠴᠢᠨ ᠲᠣᠭᠤᠷᠢᠨ | ᠢᠳᠡᠭᠡᠨ ᠤ ᠵᠦᠢᠯ ᠡᠮ ᠤᠨ ᠵᠦᠢᠯ ᠵᠡᠷᠭᠡ ᠴᠠᠭᠳᠠᠭᠠᠨ ᠤ ᠲᠦᠷᠦᠯ ᠢ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠰᠠᠯᠠᠭ᠎ᠠ ᠮᠥᠴᠢᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠨᠢᠭᠲᠠᠯᠠᠨ ᠪᠤᠳᠤᠭᠴᠢ ᠶᠢᠨ ᠬᠡᠷᠡᠭ ᠡᠷᠬᠢᠯᠡᠬᠦ ᠭᠠᠵᠠᠷ᠂ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠬᠠᠮᠲᠤ ᠪᠠᠷ ᠰᠠᠭᠤᠯᠭᠠᠵᠤ᠂ ᠡᠭᠦᠨ ᠤ ᠵᠣᠷᠢᠯᠭ᠎ᠠ ᠨᠢ ᠬᠤᠲᠣᠩ ᠠᠷᠠᠳ ᠤᠨ ᠲᠣᠭᠤᠷᠢᠭ ᠤᠨ ᠠᠵᠤ | ᠠᠬᠤᠶᠢᠯᠠᠯ ᠳᠤ ᠲᠤᠰᠬᠠᠢ ᠮᠡᠷᠭᠡᠵᠢᠯ ᠤᠨ ᠳᠥᠭᠦᠮ ᠳᠥᠲᠡ ᠵᠠᠰᠠᠭ ᠵᠠᠬᠢᠷᠭᠠᠨ ᠤ ᠦᠢᠯᠡᠴᠢᠯᠡᠭᠡ ᠪᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠶᠢᠨ | ᠲᠥᠯᠥᠭᠡ ᠶᠤᠮ︔ ᠭᠤᠷᠪᠠ ᠳᠤ ᠠᠵᠤ ᠠᠬᠤᠶᠢᠯᠠᠯ ᠳᠤ ᠭᠦᠨᠵᠡᠭᠡᠶᠢᠷᠡᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠤᠬᠠᠭᠤᠯᠭ᠎ᠠ ᠥᠷᠨᠢᠭᠦᠯᠪᠡ︔ ᠳᠥᠷᠪᠡ ᠳᠤ | ᠴᠠᠭᠳᠠᠭ᠎ᠠ ᠪᠣᠯᠣᠨ ᠠᠵᠤ ᠠᠬᠤᠶᠢᠯᠠᠯ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠪᠠ᠃ ᠠᠵᠤ ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠬᠤ ᠪᠤᠶᠤ ᠠᠵᠤ | ᠠᠬᠤᠶᠢᠯᠠᠯ ᠤᠨ ᠲᠥᠯᠥᠭᠡᠯᠡᠭᠴᠢᠳ ᠢ ᠤᠷᠢᠵᠤ ᠶᠠᠷᠢᠯᠴᠠᠬᠤ ᠬᠡᠯᠪᠡᠷᠢ ᠪᠠᠷ ᠳᠠᠮᠵᠢᠭᠤᠯᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ | ᠣᠶᠢᠯᠠᠭᠠᠵᠤ᠂ ᠬᠠᠷᠠᠭᠠᠯᠵᠠᠭᠰᠠᠨ ᠰᠢᠢᠳᠪᠦᠷᠢᠯᠡᠬᠦ ᠲᠥᠰᠥᠯ ᠬᠠᠩᠭᠠᠪᠠ᠃ | ᠬᠥᠲᠥᠯᠥᠭᠴᠢ᠄ | ᠵᠠᠰᠠᠭ ᠤᠨ ᠣᠷᠳᠣᠨ ᠤ ᠴᠢᠬᠤᠯᠠ ᠬᠠᠤᠯᠢ ᠬᠡᠷᠡᠭᠵᠢᠭᠦᠯᠬᠦ ᠡᠩᠨᠡᠭᠡ ᠪᠣᠯᠣᠭᠰᠠᠨ ᠤ ᠬᠤᠪᠢ ᠳᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠨᠢ ᠴᠦ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠴᠢᠬᠤᠯᠠ ᠠᠵᠢᠯ ᠤᠨ ᠨᠢᠭᠡ ᠪᠣᠯᠣᠭᠰᠠᠨ ᠪᠠᠶᠢᠨ᠎ᠠ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ | ᠮᠥᠴᠢᠷ ᠤᠨ ᠣᠳᠣᠬᠠᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠤᠨ ᠪᠠᠶᠢᠳᠠᠯ ᠢ ᠳᠥᠭᠦᠮ ᠲᠠᠨᠢᠯᠴᠠᠭᠤᠯᠵᠤ ᠥᠭᠭᠦᠨ᠎ᠡ ᠤᠤ︖ | ᠭᠥᠸᠧ ᠸᠧᠢ ᠽᠠᠢ᠄ | ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ︾ | ᠶᠢ ᠳᠠᠷᠤᠮᠠᠯᠯᠠᠨ ᠲᠠᠷᠬᠠᠭᠠᠵᠤ᠂ ᠡᠯ᠎ᠡ ᠲᠤᠬᠠᠶᠢᠯᠠᠭᠰᠠᠨ ᠠᠵᠢᠯ ᠤᠨ ᠴᠠᠭᠳᠠᠭᠠᠨ ᠤ ᠲᠥᠷᠥᠯ ᠤᠨ ᠬᠠᠤᠯᠢ ᠲᠦᠭᠡᠮᠡᠯᠵᠢᠭᠦᠯᠦᠭᠡ ᠶᠢ ︽ᠰᠤᠷᠭᠠᠭᠤᠯᠢ ᠶᠢᠨ | ᠬᠦᠷᠢᠶᠡᠨ ᠳᠤ ᠣᠷᠣᠭᠤᠯᠬᠤ︾ ︽ᠠᠵᠤ ᠠᠬᠤᠶᠢᠯᠠᠯ ᠳᠤ ᠣᠷᠣᠭᠤᠯᠬᠤ︾ ︽ᠨᠡᠶᠢᠭᠡᠮ ᠲᠣᠭᠤᠷᠢᠭ ᠲᠤ ᠣᠷᠣᠭᠤᠯᠬᠤ︾ ᠵᠡᠷᠭᠡ ᠠᠵᠢᠯᠯᠠᠭ᠎ᠠ ᠶᠢ ᠪᠠᠶᠢᠩᠭᠤ | ᠡᠷᠬᠢᠯᠡᠪᠡ᠃ ︽ᠦᠨᠳᠦᠰᠦᠨ ᠬᠠᠤᠯᠢ ᠶᠢ ᠤᠬᠠᠭᠤᠯᠬᠤ ᠭᠠᠷᠠᠭ︾ ︽ᠬᠤᠣᠷ ᠴᠠᠭᠠᠵᠠᠯᠠᠬᠤ ᠶᠢ ᠤᠬᠠᠭᠤᠯᠬᠤ ᠡᠳᠦᠷ︾ ︽ᠢᠷᠭᠡᠨ ᠤ ᠬᠠᠤᠯᠢ ᠶᠢᠨ ᠪᠢᠴᠢᠭ ᠢ | ᠤᠬᠠᠭᠤᠯᠬᠤ ᠰᠠᠷ᠎ᠠ︾ ᠵᠡᠷᠭᠡ ᠴᠢᠬᠤᠯᠠ ᠤᠬᠠᠭᠤᠯᠭ᠎ᠠ ᠶᠢᠨ ᠵᠠᠩᠭᠢᠯᠠᠭ᠎ᠠ ᠶᠢᠨ ᠴᠡᠭ ᠢ ᠠᠰᠢᠭᠯᠠᠨ᠂ ᠪᠥᠬᠦ ᠬᠤᠲᠠ ᠶᠢᠨ ᠡᠯ᠎ᠡ ᠱᠠᠲᠤᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠨᠤᠭᠤᠳ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯᠯᠠᠭ᠎ᠠ ᠶᠢ | ᠢᠳᠡᠪᠬᠢᠲᠡᠢ ᠥᠷᠨᠢᠭᠦᠯᠪᠡ᠃ ᠣᠳᠣᠬᠠᠨ ᠳᠤ ᠣᠯᠠᠨ ᠭᠠᠷᠴᠤ ᠪᠠᠶᠢᠭ᠎ᠠ ᠴᠠᠬᠢᠯᠭᠠᠨ ᠬᠤᠯᠪᠣᠭ᠎ᠠ ᠪᠠᠷ ᠮᠡᠬᠡᠯᠡᠬᠦ ᠬᠡᠷᠡᠭ ᠲᠤ ᠴᠢᠭᠯᠡᠭᠦᠯᠦᠨ᠂ ᠪᠥᠬᠦ ᠲᠠᠯ᠎ᠠ ᠶᠢᠨ | ᠬᠦᠴᠦᠨ ᠢᠶᠠᠷ ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ᠂ ᠬᠤᠲᠠ ᠶᠢᠨ ᠲᠣᠪᠴᠢᠶ᠎ᠠ ᠶᠢᠨ ᠮᠡᠬᠡᠯᠡᠯ ᠢ ᠡᠰᠡᠷᠭᠦᠴᠡᠬᠦ ᠲᠥᠪ ᠠᠴᠠ | ᠬᠠᠮᠲᠤᠷᠠᠭᠰᠠᠨ ᠬᠤᠷᠠᠯ ᠤᠨ ᠭᠡᠰᠢᠭᠦᠨ ᠨᠢᠭᠡᠴᠢ᠂ ᠠᠵᠤ ᠠᠬᠤᠶᠢᠯᠠᠯ᠂ ᠵᠠᠭᠤᠴᠢᠯᠠᠭᠤᠷ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠡᠯ᠎ᠡ | ᠡᠲᠡᠭᠡᠳ ᠤᠨ ᠬᠦᠴᠦᠨ ᠲᠠᠢ ᠬᠠᠷᠢᠯᠴᠠᠨ ᠨᠢᠭᠲᠠ ᠬᠠᠮᠵᠢᠯᠴᠠᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠮᠡᠬᠡᠯᠡᠯ ᠢ ᠡᠰᠡᠷᠭᠦᠴᠡᠬᠦ ᠣᠯᠠᠨ | ᠶᠠᠩᠵᠤ ᠬᠡᠯᠪᠡᠷᠢ ᠶᠢᠨ ᠤᠬᠠᠭᠤᠯᠭ᠎ᠠ ᠶᠢ ᠥᠷᠨᠢᠭᠦᠯᠪᠡ᠃ ᠡᠭᠦᠨ ᠠᠴᠠ ᠭᠠᠳᠠᠨ᠎ᠠ ᠰᠢ ᠯᠥᠸᠧ ᠹᠧᠩ ᠵᠡᠭᠡᠯᠢ ᠶᠢᠨ ᠨᠡᠶᠢᠭᠡᠮ ᠲᠣᠭᠤᠷᠢᠭ ᠲᠤ ᠠᠩᠬᠠᠳᠠᠭᠴᠢ | ᠨᠡᠶᠢᠭᠡᠮ ᠲᠣᠭᠤᠷᠢᠭ ᠤᠨ ᠮᠡᠬᠡᠯᠡᠯ ᠢ ᠡᠰᠡᠷᠭᠦᠴᠡᠬᠦ ᠠᠵᠢᠯ ᠤᠨ ᠦᠷᠳᠡᠭᠡ ᠶᠢ ᠪᠠᠶᠢᠭᠤᠯᠤᠨ᠂ ᠤᠯᠠᠨ ᠲᠦᠮᠡᠨ ᠲᠠᠢ ᠣᠶᠢᠷᠠᠳᠴᠤ᠂ ᠡᠮᠦᠨ᠎ᠡ ᠹᠷᠣᠨᠲ ᠤᠨ | ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠠᠷᠠᠳ ᠢᠶᠠᠷ ᠢᠶᠠᠨ ᠮᠡᠬᠡᠯᠡᠯ ᠢ ᠡᠰᠡᠷᠭᠦᠴᠡᠬᠦ᠂ ᠪᠦᠬᠦ ᠨᠡᠶᠢᠭᠡᠮ ᠢᠶᠠᠷ ᠢᠶᠠᠨ ᠮᠡᠬᠡᠯᠡᠯ ᠢ | ᠡᠰᠡᠷᠭᠦᠴᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠪᠡ᠃ | ᠬᠥᠲᠥᠯᠥᠭᠴᠢ᠄ | ᠳᠡᠭᠡᠷᠡᠬᠢ ᠶᠠᠷᠢᠯᠴᠠᠭ᠎ᠠ ᠪᠠᠷ ᠳᠠᠮᠵᠢᠨ ᠪᠢᠳᠠ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠬᠠᠤᠯᠢᠵᠢᠯ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ | ᠠᠵᠢᠯ ᠪᠣᠯᠣᠨ ᠦᠷ᠎ᠡ ᠪᠦᠲᠦᠮᠵᠢ ᠶᠢ ᠶᠡᠭᠡ ᠲᠥᠯᠥᠪ ᠣᠶᠢᠯᠠᠭᠠᠯ᠎ᠠ᠂ ᠲᠡᠭᠡᠪᠡᠯ ᠬᠤᠵᠢᠮ ᠤᠨ ᠬᠠᠤᠯᠢᠵᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠳᠤᠮᠳᠠ | ᠶᠠᠮᠠᠷ ᠭᠤᠣᠯᠳᠠᠯᠭ᠎ᠠ ᠶᠢ ᠡᠵᠡᠮᠳᠡᠬᠦ ᠴᠢᠬᠤᠯᠠ ᠲᠠᠢ ᠪᠠᠶᠢᠨ᠎ᠠ︖ | ᠭᠥᠸᠧ ᠸᠧᠢ ᠽᠠᠢ᠄ | ᠣᠷᠣᠨ ᠤ ᠲᠥᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢᠵᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠪᠤᠴᠠ ᠳᠤ᠂ | ᠡᠷᠬᠡᠪᠰᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠬᠠᠤᠯᠢᠵᠢᠯ ᠤᠨ ᠰᠡᠳᠬᠢᠬᠦᠢ ᠶᠢ | ᠴᠢᠩᠭᠠᠳᠬᠠᠵᠤ᠂ ᠬᠠᠤᠯᠢᠵᠢᠯ ᠤᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠠᠤᠯᠢ ᠬᠡᠷᠡᠭᠵᠢᠭᠦᠯᠦᠯᠲᠡ ᠶᠢ ᠴᠥᠬᠦᠷᠡᠰᠢ ᠦᠭᠡᠢ ᠵᠢᠷᠤᠮᠵᠢᠭᠤᠯᠵᠤ᠂ ᠬᠠᠤᠯᠢ | ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠦᠯᠲᠡ ᠶᠢᠨ ᠲᠣᠪᠣᠶᠢᠮ᠎ᠠ | ᠠᠰᠠᠭᠤᠳᠠᠯ ᠢ ᠴᠢᠩᠭ᠎ᠠ ᠴᠡᠭᠴᠡᠯᠡᠨ ᠵᠠᠰᠠᠵᠤ᠂ ᠣᠷᠣᠨ ᠤ ᠲᠥᠪ ᠬᠤᠲᠠ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠠᠤᠯᠢᠵᠢᠯ ᠤᠨ ᠬᠢᠷᠢ ᠲᠦᠪᠰᠢᠨ | ᠪᠣᠯᠣᠨ ᠬᠠᠤᠯᠢ ᠬᠡᠷᠡᠭᠵᠢᠭᠦᠯᠦᠯᠲᠡ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠦᠴᠦᠯᠡᠨ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠠᠷᠠᠳ | ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠦᠨ᠎ᠡ᠃ | ᠬᠠᠮᠢᠶᠠᠷᠤᠭᠴᠢ᠄ | ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠶᠦᠨ ᠰᠢᠶᠠᠩ᠂ | ᠬᠠᠤᠯᠢ ᠳᠦᠷᠢᠮ ᠤᠨ ᠰᠠᠯᠪᠤᠷᠢ ᠠᠩᠭᠢ ᠶᠢᠨ ᠤᠯᠤᠰ ᠲᠥᠷᠥ ᠶᠢᠨ ᠭᠡᠰᠢᠭᠦᠨ ᠭᠦᠸᠧ ᠸᠧᠢ ᠽᠠᠢ᠂ ᠬᠠᠤᠯᠢ ᠳᠦᠷᠢᠮ ᠤᠨ ᠰᠠᠯᠪᠤᠷᠢ ᠠᠩᠭᠢ ᠶᠢᠨ ᠳᠡᠳ᠋ | ᠳᠠᠷᠤᠭ᠎ᠠ ᠸᠠᠩ ᠬᠦᠶ ᠹᠠᠩ ᠳᠤ ᠪᠠᠶᠠᠷᠯᠠᠯ᠎ᠠ᠂ ᠰᠦᠯᠵᠢᠶᠡᠨ ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠣᠷᠤᠯᠴᠠᠭᠰᠠᠨ ᠳᠤ ᠪᠠᠶᠠᠷᠯᠠᠯ᠎ᠠ᠂ ᠲᠣᠰ | ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠦᠷᠯᠡᠯ᠎ᠡ᠂ ᠪᠠᠶᠠᠷᠯᠠᠯ᠎ᠠ᠃ | | |