ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ  ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ  ᠲᠣᠭᠤᠷᠢᠨ ᠪᠠᠶᠢᠴᠠᠭᠠᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ᠂ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ  ᠪᠤᠤ ᠭᠠᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/4/2
       ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠮᠠᠨ ᠤ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠤᠭᠰᠠᠨ᠂ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠦᠭᠰᠡᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠬᠤᠷᠠᠯ ᠢ ᠡᠷᠬᠢᠯᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ 3 ᠳ᠋ᠤᠭᠠᠷ ᠰᠠᠷ᠎ᠠ ᠶᠢᠨ 29  ᠤ ᠡᠳᠦᠷ  ᠤᠨ ᠲᠥᠪ  ᠤᠨ ᠤᠯᠤᠰ ᠲᠦᠷᠦ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠬᠤᠷᠴᠠ ᠰᠡᠯᠡᠮ᠎ᠡ ᠶᠢᠨ ᠦᠢᠯᠡᠳᠦᠯ  ᠢ ᠦᠨᠡᠨᠬᠦ ᠪᠠᠳᠠᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠬᠥᠭᠵᠢᠭᠦᠯᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠰᠠᠭᠤᠳᠠᠯ ᠤᠨ ᠨᠠᠷᠢᠨ ᠳᠠᠩᠰᠠ᠂ ᠡᠭᠦᠷᠭᠡ ᠶᠢᠨ ᠨᠠᠷᠢᠨ ᠳᠠᠩᠰᠠ᠂ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠶᠢᠭᠤᠯᠵᠤ᠂ ᠲᠡᠷᠡ ᠶᠣᠰᠣᠭᠠᠷ ᠨᠢ ᠰᠠᠶᠢᠲᠤᠷ ᠠᠳᠬᠤᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠬᠥᠮᠥᠨ᠂ ᠭᠤᠣᠯᠳᠠᠯᠭ᠎ᠠ ᠲᠠᠢ ᠶᠠᠪᠤᠳᠠᠯ ᠢ ᠰᠠᠶᠢᠲᠤᠷ ᠠᠩᠬᠠᠷᠴᠤ᠂ ᠦᠨᠡᠨ ᠪᠣᠳᠠᠲᠠᠢ ᠪᠠᠷ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠬᠤ ᠬᠡᠷᠡᠭᠲᠡᠢ᠃ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠲᠣᠭᠤᠷᠢᠨ ᠪᠠᠶᠢᠴᠠᠭᠠᠵᠤ ᠢᠯᠡᠷᠡᠭᠦᠯᠦᠭᠰᠡᠨ ᠨᠡᠶᠢᠲᠡᠴᠢ ᠴᠢᠨᠠᠷᠲᠠᠢ ᠠᠰᠠᠭᠤᠳᠠᠯ ᠪᠣᠯᠣᠨ ᠭᠦᠨ ᠳᠠᠪᠬᠤᠷᠭ᠎ᠠ ᠶᠢᠨ ᠠᠰᠠᠭᠤᠳᠠᠯ ᠢ ᠭᠦᠨᠵᠡᠭᠡᠢ ᠰᠤᠳᠤᠯᠵᠤ᠂ ᠳᠦᠷᠢᠮ ᠲᠣᠭᠲᠠᠴᠠ ᠶᠢ ᠲᠠᠰᠤᠷᠠᠯᠳᠡ ᠦᠭᠡᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠵᠠᠰᠠᠵᠤ᠂ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠪᠠᠲᠤᠯᠠᠨ ᠠᠬᠢᠭᠤᠯᠬᠤ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ︽ᠦᠨᠡᠨ︾ ᠰᠡᠳᠭᠦᠯ ᠳᠤ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠠᠷᠠᠳ ᠲᠦᠮᠡᠨ ᠢ ᠳᠡᠭᠡᠳᠦᠯᠡᠬᠦ ᠶᠢ ᠡᠷᠬᠡᠪᠰᠢ ᠪᠠᠷᠢᠮᠲᠠᠯᠠᠬᠤ ᠬᠡᠷᠡᠭᠲᠡᠢ︾ ᠭᠡᠰᠡᠨ ᠴᠢᠬᠤᠯᠠ ᠵᠣᠬᠢᠶᠠᠯ ᠢ ᠭᠦᠨᠵᠡᠭᠡᠢ ᠰᠤᠷᠤᠯᠴᠠᠨ ᠣᠶᠢᠯᠠᠭᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠪᠣᠳᠠᠲᠠᠢ ᠠᠵᠢᠯ ᠤᠨ ᠳᠤᠮᠳᠠ ᠪᠠᠨ ᠦᠨᠡᠨᠬᠦ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠪᠣᠳᠠᠲᠠᠢ ᠠᠰᠠᠭᠤᠳᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦ ᠣᠷᠤᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠲᠥᠷᠥᠭᠳᠡᠯ ᠣᠯᠭᠤᠬᠤ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠳᠤᠨ ᠭᠤᠣᠯ ᠤᠨ ︽几 ᠦᠰᠦᠭ ᠤᠨ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠠᠵᠤ ᠦᠢᠯᠡᠰ ᠤᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠵᠤ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠲᠡᠰ ᠳᠡᠪᠰᠢᠭᠦᠯᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠯᠠᠭᠤᠯᠤᠨ ᠪᠦᠲᠦᠭᠡᠨ ᠪᠠᠶᠢᠭᠤᠯᠵᠤ᠂ ᠭᠤᠣᠯᠳᠠᠯᠭ᠎ᠠ ᠲᠠᠢ ᠲᠦᠷᠦᠯ  ᠵᠦᠢᠯ ᠤᠨ ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠬᠢᠮᠡᠯ ᠤᠶᠤᠨ᠂ ᠠᠮᠢᠳᠤ ᠪᠣᠳᠠᠰ ᠤᠨ ᠦᠢᠯᠡᠳᠬᠡᠯ᠂  ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠣᠭᠲᠠᠷᠭᠤᠢ ᠶᠢᠨ ᠠᠵᠤ ᠠᠬᠤᠢ ᠵᠡᠷᠭᠡ ᠬᠦᠷᠢᠶᠡᠨ ᠳᠤ ᠨᠢᠭᠡ ᠪᠦᠯᠦᠭ ᠰᠢᠨ᠎ᠡ ᠨᠡᠮᠡᠭᠳᠡᠯ ᠤᠨ ᠬᠥᠳᠡᠯᠭᠡᠭᠦᠷ ᠢ ᠪᠤᠢ ᠪᠣᠯᠭᠠᠵᠤ᠂ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠲᠤᠳᠬᠠᠨ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠡᠢ᠃       ᠬᠤᠷᠠᠯ ᠠᠴᠠ ᠴᠢᠬᠤᠯᠠᠴᠢᠯᠠᠭᠰᠠᠨ ᠨᠢ᠂ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠠᠷᠪᠢᠯᠠᠨ ᠡᠷᠴᠢᠮᠵᠢᠭᠦᠯᠵᠦ᠂ ᠤᠰᠤ ᠠᠷᠪᠢᠯᠠᠬᠤ᠂ ᠭᠠᠵᠠᠷ ᠰᠢᠷᠤᠢ ᠠᠷᠪᠢᠯᠠᠬᠤ᠂ ᠠᠮᠤ ᠪᠤᠳᠠᠭ᠎ᠠ ᠠᠷᠪᠢᠯᠠᠬᠤ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ᠂ ᠵᠠᠰᠠᠭ ᠵᠠᠬᠢᠷᠭᠠᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠡᠬᠢ ᠪᠠᠶᠠᠯᠢᠭ ᠢ ᠠᠷᠪᠢᠯᠠᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶᠡᠨ ᠳᠤ ᠦᠨᠡᠨᠬᠦ ᠲᠤᠭᠤᠰᠢᠯᠠᠭᠤᠯᠬᠤ ᠬᠡᠷᠡᠭᠲᠡᠢ ᠭᠡᠵᠡᠢ᠃       ᠬᠤᠷᠠᠯ ᠠᠴᠠ ᠱᠠᠭᠠᠷᠳᠠᠭᠰᠠᠨ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠲᠠᠴᠠ ᠶᠢ ᠤᠯᠠᠮ ᠴᠢᠨᠠᠭᠰᠢᠳᠠ ᠲᠡᠭᠦᠯᠳᠡᠷᠵᠢᠭᠦᠯᠵᠦ᠂ ᠶᠠᠪᠤᠴᠠ ᠶᠢ ᠰᠢᠯᠢᠳᠡᠭᠵᠢᠭᠦᠯᠵᠦ᠂ ᠳᠣᠷᠣᠭᠰᠢ ᠪᠠᠭᠤᠯᠭᠠᠬᠤ ᠵᠦᠢᠯᠡᠰ ᠨᠢ ᠪᠠᠭᠤᠵᠤ ᠳᠡᠶᠢᠯᠬᠦ᠂ ᠲᠣᠰᠴᠤ ᠳᠡᠶᠢᠯᠬᠦ᠂ ᠰᠠᠶᠢᠬᠠᠨ ᠭᠦᠢᠴᠡᠳᠬᠡᠬᠦ ᠶᠢ ᠪᠡᠶᠡᠯᠡᠭᠦᠯᠵᠦ᠂ ︽ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠢ ᠬᠦᠷᠢᠶᠡᠯᠡᠩ ᠲᠣᠭᠤᠷᠢᠭ ᠲᠤ ᠭᠦᠢᠴᠡᠳᠬᠡᠬᠦ︾ ᠶᠢ ᠪᠡᠶᠡᠯᠡᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠪᠡ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ