ᠮᠠᠨ ᠤ ᠬᠤᠲᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠶᠢ ᠲᠣᠭᠲᠠᠪᠤᠷᠢᠵᠢᠭᠤᠯᠵᠤ ᠴᠢᠨᠠᠷ ᠢ ᠪᠠᠲᠤᠯᠠᠬᠤ ᠭᠤᠣᠯᠳᠠᠯᠭ᠎ᠠ ᠲᠠᠢ ᠰᠤᠭᠤᠴᠢᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2024/4/2
      ︵ᠰᠤᠷᠪᠤᠯᠵᠢᠯᠠᠭᠴᠢ ᠴᠢ ᠰᠢᠶᠣᠣ ᠶᠠᠨ︶ ᠣᠶᠢᠷ᠎ᠠ ᠶᠢᠨ ᠡᠳᠦᠷ ᠤᠳ ᠲᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠬᠦᠴᠦᠨ ᠢᠶᠠᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠶᠢ ᠲᠣᠭᠲᠠᠪᠤᠷᠢᠵᠢᠭᠤᠯᠤᠨ ᠴᠢᠨᠠᠷ ᠢ ᠪᠠᠲᠤᠯᠠᠬᠤ ᠭᠤᠣᠯᠳᠠᠯᠭ᠎ᠠ ᠲᠠᠢ ᠰᠤᠭᠤᠴᠢᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠪᠡ᠃       ᠲᠠᠨᠢᠯᠴᠠᠭᠤᠯᠤᠭᠰᠠᠨ ᠢᠶᠠᠷ᠂ ᠲᠠᠷᠢᠶᠠᠯᠠᠩ ᠤᠨ ᠴᠠᠭ ᠢ ᠦᠨᠡᠨ ᠬᠦ  ᠰᠠᠭᠠᠲᠠᠭᠠᠬᠤ ᠦᠭᠡᠢ ᠶᠢᠨ ᠲᠥᠯᠥᠭᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠭᠦᠷᠭᠡ ᠶᠢᠨ ᠬᠤᠪᠢᠶᠠᠷᠢᠯᠠᠯ ᠢᠶᠠᠨ ᠲᠣᠳᠣᠷᠬᠠᠢ ᠪᠣᠯᠭᠠᠵᠤ᠂ ᠬᠤᠶᠠᠷ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠠᠷᠭ᠎ᠠ ᠮᠠᠶ᠋ᠢᠭ ᠢ ᠠᠪᠴᠤ᠂ ᠦᠷ᠎ᠡ᠂ ᠲᠠᠷᠢᠶᠠᠨ ᠡᠮ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠰᠦᠯᠢᠶᠥᠦ ᠪᠦᠷᠬᠦᠪᠴᠢ ᠵᠡᠷᠭᠡ ᠦᠢᠯᠡᠳᠪᠦᠷᠢᠯᠡᠯ ᠤᠨ ᠡᠳ᠋ ᠪᠣᠳᠠᠰ ᠤᠨ ᠡᠵᠡᠩᠨᠡᠭᠴᠢ ᠳᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠪᠠ ᠭᠤᠣᠯᠳᠠᠯᠭ᠎ᠠ ᠲᠠᠢ ᠪᠠᠶᠢᠴᠠᠭᠠᠬᠤ ᠠᠵᠢᠯ ᠢ ᠦᠷᠭᠦᠯᠵᠢᠯᠡᠨ ᠥᠷᠨᠢᠭᠦᠯᠪᠡ᠃       ᠪᠣᠳᠠᠲᠠᠢ ᠠᠵᠢᠯ ᠤᠨ ᠳᠤᠮᠳᠠ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠥᠢᠯᠨ ᠠᠵᠢᠯᠯᠠᠭ᠎ᠠ ᠶᠢᠨ ᠳᠢᠭᠯᠢᠮ ᠤᠨ ᠵᠢᠷᠤᠮᠵᠢᠭᠤᠯᠤᠯᠲᠠ ᠶᠢ ᠴᠢᠩᠭᠠᠳᠬᠠᠬᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ᠂ ᠡᠵᠡᠩᠨᠡᠯᠲᠡ ᠶᠢᠨ ᠭᠤᠣᠯ ᠴᠣᠭᠴᠠ ᠶᠢᠨ ᠬᠤᠷᠠᠮᠳᠤᠭᠤᠯᠤᠨ ᠳᠠᠷᠤᠵᠤ ᠬᠤᠨᠵᠢᠨ ᠵᠠᠪᠰᠢᠬᠤ᠂ ᠦᠨ᠎ᠡ ᠬᠠᠩᠰᠢ ᠶᠢ ᠳᠦᠷᠭᠢᠯᠳᠦᠨ ᠥᠰᠬᠡᠬᠦ᠂ ᠰᠥᠯᠪᠡᠭᠡᠯᠳᠦᠨ ᠦᠨ᠎ᠡ ᠥᠰᠬᠡᠬᠦ᠂ ᠦᠨ᠎ᠡ ᠬᠠᠩᠰᠢ ᠶᠢᠨ ᠮᠡᠬᠡᠯᠡᠯ ᠵᠢᠴᠢ ᠲᠣᠭᠲᠠᠭᠠᠯ ᠶᠣᠰᠣᠭᠠᠷ ᠦᠨ᠎ᠡ ᠬᠠᠩᠰᠢ ᠶᠢ ᠢᠯᠡ ᠲᠡᠮᠳᠡᠭᠯᠡᠬᠦ ᠦᠭᠡᠢ ᠵᠡᠷᠭᠡ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠡᠭᠦᠨ ᠤ ᠬᠠᠮᠲᠤ ᠡᠵᠡᠩᠨᠡᠭᠴᠢᠳ  ᠢ ᠮᠡᠬᠡᠯᠡᠬᠦ ᠴᠢᠨᠠᠷᠲᠠᠢ ᠪᠠ ᠪᠤᠷᠤᠭᠤ ᠵᠦᠭ ᠬᠥᠲᠥᠯᠬᠦ ᠴᠢᠨᠠᠷᠲᠠᠢ ᠦᠭᠡ ᠬᠡᠯᠡ᠂ ᠦᠰᠦᠭ ᠪᠢᠴᠢᠭ᠂ ᠵᠢᠷᠤᠭ᠂ ᠬᠡᠮᠵᠢᠯᠲᠡ ᠶᠢᠨ ᠨᠢᠭᠡᠴᠢ ᠵᠡᠷᠭᠡ  ᠶᠢᠨ ᠦᠨ᠎ᠡ ᠬᠠᠳᠠᠬᠤ᠂ ᠬᠤᠳᠠᠯ ᠬᠠᠭᠤᠷᠮᠠᠭ ᠦᠨ᠎ᠡ ᠬᠠᠳᠠᠬᠤ᠂ ᠪᠠᠯᠠᠷᠬᠠᠢ ᠦᠨ᠎ᠡ ᠬᠠᠳᠠᠬᠤ᠂ ᠬᠤᠳᠠᠯ ᠬᠠᠭᠤᠷᠮᠠᠭ ᠢᠶᠠᠷ ᠦᠨ᠎ᠡ ᠬᠠᠰᠤᠬᠤ᠂ ᠬᠠᠭᠤᠷᠮᠠᠭ ᠤᠭ ᠦᠨ᠎ᠡ ᠵᠣᠬᠢᠶᠠᠬᠤ᠂ ᠪᠤᠷᠤᠭᠤ ᠵᠦᠭ ᠬᠥᠲᠥᠯᠬᠦ ᠴᠢᠨᠠᠷᠲᠠᠢ ᠦᠨ᠎ᠡ ᠬᠠᠩᠰᠢ ᠶᠢ ᠢᠯᠡᠳᠬᠡᠬᠦ ᠵᠡᠷᠭᠡ ᠪᠠᠷ ᠬᠡᠷᠡᠭᠯᠡᠭᠴᠢᠳ ᠢ ᠥᠳᠥᠭᠡᠨ ᠠᠷᠠᠯᠵᠢᠶᠠᠯᠠᠭᠤᠯᠵᠤ ᠪᠣᠯᠬᠤ ᠦᠭᠡᠢ ᠭᠡᠵᠦ ᠱᠠᠭᠠᠷᠳᠠᠪᠠ᠃ ᠡᠭᠦᠨ ᠤ ᠬᠠᠮᠲᠤ᠂ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠶᠢ ᠴᠢᠬᠤᠯᠠᠴᠢᠯᠠᠵᠤ᠂ ᠬᠢᠮᠢ ᠶᠢᠨ ᠪᠣᠷᠳᠣᠭᠤᠷ᠂ ᠳᠤᠰᠤᠯᠭᠠᠨ ᠤᠰᠤᠯᠠᠬᠤ ᠪᠦᠰᠡ᠂ ᠲᠠᠷᠢᠶᠠᠯᠠᠩ ᠳᠤ ᠬᠡᠷᠡᠭᠯᠡᠬᠦ ᠰᠦᠯᠢᠶᠥᠦ ᠪᠦᠷᠬᠦᠪᠴᠢ ᠵᠡᠷᠭᠡ ᠦᠢᠯᠡᠳᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠳᠠᠮᠵᠢᠭᠤᠯᠤᠨ ᠪᠣᠷᠣᠯᠠᠭᠤᠯᠬᠤ ᠳᠡᠯᠭᠡᠭᠦᠷ ᠢ ᠰᠤᠭᠤᠴᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠶᠢᠨ ᠬᠠᠮᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠠᠭ ᠲᠤᠬᠠᠢ ᠳᠤᠨᠢ ᠵᠠᠷᠯᠠᠨ ᠮᠡᠳᠡᠭᠳᠡᠵᠦ ᠬᠠᠷᠢᠭᠤ ᠲᠤᠰᠬᠠᠵᠤ᠂ ᠬᠤᠳᠠᠯ ᠬᠠᠭᠤᠷᠮᠠᠭ ᠴᠢᠨᠠᠷ ᠮᠠᠭᠤ᠂ ᠮᠠᠭᠤ ᠪᠠᠷ ᠰᠠᠶᠢᠨ ᠢ ᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠤᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠪᠠᠳᠠᠨ ᠱᠠᠭᠠᠷᠳᠠᠵᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠶᠠᠪᠤᠴᠠ ᠶᠢᠨ ᠶᠠᠰᠤ ᠴᠢᠨᠠᠷ ᠢ ᠡᠵᠡᠮᠳᠡᠬᠦ ᠵᠡᠷᠭᠡ ᠡᠭᠦᠷᠭᠡ ᠶᠢ ᠴᠢᠩᠭ᠎ᠠ ᠭᠦᠢᠴᠡᠳᠬᠡᠨ᠂ 12315 ᠲᠠᠪᠴᠠᠩ ᠤᠨ ᠵᠠᠭᠠᠯᠳᠤᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠰᠦᠪᠡᠭᠴᠢ ᠶᠢ ᠴᠠᠭ ᠲᠤᠬᠠᠢ ᠳᠤᠨᠢ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠨ᠂ ᠡᠵᠡᠩᠨᠡᠯᠲᠡ ᠶᠢᠨ ᠪᠡᠶᠡᠴᠢ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠣᠰ ᠪᠡᠶ᠎ᠡ ᠶᠢᠨ ᠦᠨ᠎ᠡ ᠬᠠᠩᠰᠢ ᠪᠠ ᠥᠷᠢᠰᠦᠯᠳᠦᠭᠡᠨ ᠤ ᠦᠶᠯᠡ ᠠᠵᠢᠯᠯᠠᠭ᠎ᠠ ᠶᠢ ᠤᠬᠠᠮᠰᠠᠷ ᠠᠴᠠ ᠪᠠᠨ ᠵᠢᠷᠤᠮᠵᠢᠭᠤᠯᠪᠠ᠃       ᠲᠤᠬᠠᠢ ᠶᠢᠨ ᠭᠠᠵᠠᠷ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠬᠥᠬᠡᠬᠤᠲᠠ ᠶᠢᠨ ᠲᠠᠷᠢᠶᠠᠯᠠᠩ ᠳᠤ ᠬᠡᠷᠡᠭᠯᠡᠬᠦ ᠡᠳ᠋ ᠪᠠᠷᠠᠭᠠᠨ ᠤ ᠢᠷᠡᠯᠲᠡ ᠶᠢᠨ ᠨᠥᠭᠡᠴᠡ ᠨᠡᠯᠢᠶᠡᠳ ᠭᠦᠢᠴᠡᠳ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ ᠳᠡᠶᠢᠯᠦᠨ᠎ᠡ᠃ ᠣᠲᠣ ᠪᠣᠯᠲᠠᠯ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠪᠡᠶᠡᠴᠢ ᠴᠣᠭᠴᠠ 111 ᠡᠷᠦᠬᠡ ᠶᠢ ᠪᠠᠶᠢᠴᠠᠭᠠᠵᠤ᠂ ᠡᠵᠡᠩᠨᠡᠯᠲᠡ ᠶᠢᠨ ᠬᠤᠳᠠᠯᠳᠤᠭᠠᠴᠢᠨ ᠳᠤ 12 ᠤᠳᠠᠭ᠎ᠠ ᠵᠠᠰᠠᠭ ᠵᠠᠬᠢᠷᠭᠠᠨ ᠤ ᠵᠢᠯᠣᠭᠤᠳᠤᠯᠭ᠎ᠠ ᠬᠢᠵᠦ᠂ 3 ᠤᠳᠠᠭ᠎ᠠ ᠪᠣᠯᠵᠣᠨ ᠶᠠᠷᠢᠯᠴᠠᠵᠤ ᠰᠡᠷᠡᠮᠵᠢᠯᠡᠭᠦᠯᠦᠨ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ 12 ᠤᠳᠠᠭ᠎ᠠ ᠵᠣᠬᠢᠶᠠᠨ ᠪᠠᠶᠢᠭᠤᠯᠪᠠ᠃ ᠣᠶᠢᠷ᠎ᠠ ᠳᠤ᠂ ᠲᠤᠰ ᠲᠣᠪᠴᠢᠶ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠰᠤᠭᠤᠴᠢᠨ ᠪᠠᠶᠢᠴᠠᠭᠠᠬᠤ ᠤᠳᠠᠭ᠎ᠠ ᠶᠢ ᠨᠡᠮᠡᠭᠳᠡᠭᠦᠯᠬᠦ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠬᠡᠷᠡᠭᠵᠢᠬᠦᠯᠵᠦ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠢᠭᠰᠠᠭᠠᠯ ᠤᠨ ᠭᠠᠵᠠᠷ ᠢ ᠴᠢᠩᠭ᠎ᠠ ᠰᠠᠬᠢᠵᠤ᠂ ᠬᠠᠪᠤᠷ ᠤᠨ ᠲᠠᠷᠢᠶᠠᠯᠠᠭ᠎ᠠ ᠪᠠ ᠪᠡᠯᠡᠳᠬᠡᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠶᠢ ᠲᠣᠭᠲᠠᠪᠤᠷᠢᠵᠢᠭᠤᠯᠤᠨ ᠴᠢᠨᠠᠷ ᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠦᠢᠯᠡᠳᠪᠦᠷᠢᠯᠡᠯ ᠡᠵᠡᠩᠨᠡᠯᠲᠡ ᠶᠢᠨ ᠡᠮᠬᠢ ᠳᠢᠭᠯᠢᠮ ᠢ ᠲᠠᠰᠤᠷᠠᠯᠲᠠ ᠦᠭᠡᠢ ᠵᠢᠷᠤᠮᠵᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ