ᠮᠠᠨ ᠤ ᠬᠤᠲᠠ ᠶᠢᠨ 3 ᠲᠥᠷᠥᠯ ᠵᠦᠢᠯ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠤᠳᠤᠷᠢᠳᠤᠮᠵᠢ ᠶᠢᠨ ᠲᠦᠯᠦᠪᠯᠡᠭᠡ ᠳᠤ ᠵᠢᠭᠰᠠᠭᠠᠭᠳᠠᠪᠠ
ᠨᠡᠶᠢᠲᠡᠯᠡᠭᠰᠡᠨ ᠴᠠᠭ᠄
2024/4/2
       ︵ᠰᠤᠷᠪᠤᠯᠵᠢᠯᠠᠭᠴᠢ ᠰᠥᠩ ᠰᠢᠶᠠᠩ ᠬᠤᠸᠠ︶ ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ 2023 ᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠤᠳᠤᠷᠢᠳᠤᠮᠵᠢ ᠶᠢᠨ ᠲᠥᠯᠥᠪᠯᠡᠭᠡ ᠶᠢ ᠨᠡᠶᠢᠲᠡᠯᠡᠪᠡ᠂ ᠮᠠᠨ ᠤ ᠬᠤᠲᠠ ᠶᠢᠨ 3 ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠤᠳᠤᠷᠢᠳᠤᠮᠵᠢ ᠶᠢᠨ ᠲᠥᠯᠥᠪᠯᠡᠭᠡ ᠳᠤ ᠣᠷᠣᠵᠤ᠂ ᠪᠥᠬᠦ ᠣᠷᠣᠨ ᠤ ᠤᠳᠤᠷᠢᠳᠤᠮᠵᠢ ᠶᠢᠨ ᠲᠥᠯᠥᠪᠯᠡᠭᠡ ᠳᠤ ᠣᠷᠣᠭᠰᠠᠨ ᠲᠥᠷᠥᠯ ᠵᠦᠢᠯ ᠤᠨ 21.43% ᠶᠢ ᠡᠵᠡᠯᠡᠪᠡ᠃       ᠣᠶᠢᠯᠠᠭᠠᠭᠰᠠᠨ ᠢᠶᠠᠷ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠠᠵᠤ ᠠᠬᠤᠶᠢᠯᠠᠯ ᠤᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠮᠠᠲ᠋ᠧᠷᠢᠶᠠᠯ᠂ ᠰᠢᠨ᠎ᠡ ᠲᠣᠨᠤᠭ ᠲᠥᠬᠦᠭᠡᠷᠦᠮᠵᠢ ᠵᠡᠷᠭᠡ ᠶᠢ ᠲᠦᠷᠭᠡᠨ ᠬᠡᠷᠡᠭᠯᠡᠨ ᠦᠢᠯᠡᠳᠬᠦ ᠬᠢᠷᠢ ᠲᠦᠪᠰᠢᠨ ᠢ ᠥᠭᠡᠷᠡᠴᠢᠯᠡᠨ ᠳᠡᠭᠡᠭᠰᠢᠯᠡᠭᠦᠯᠬᠦ ᠶᠢᠨ ᠲᠥᠯᠥᠭᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠠᠴᠠ 2023 ᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠤᠳᠤᠷᠢᠳᠤᠮᠵᠢ ᠶᠢᠨ ᠲᠥᠯᠥᠪᠯᠡᠭᠡ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ ᠠᠴᠠ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠨᠠᠷᠢᠨ ᠬᠢᠨᠠᠮᠠᠭᠠᠢ ᠪᠠᠶᠢᠴᠠᠭᠠᠨ ᠲᠣᠬᠢᠷᠠᠭᠤᠯᠵᠤ᠂ ᠮᠡᠷᠭᠡᠵᠢᠯ ᠤᠨ ᠬᠢᠷᠢ ᠬᠡᠮᠵᠢᠶ᠎ᠡ ᠪᠠᠷ ᠳᠠᠪᠰᠢᠩᠭᠤᠢ᠂ ᠬᠥᠲᠥᠯᠥᠨ ᠵᠢᠯᠤᠭᠤᠳᠴᠤ ᠵᠢᠱᠢᠶ᠎ᠡ ᠦᠵᠡᠭᠦᠯᠬᠦ ᠦᠢᠯᠡᠳᠦᠯ ᠢᠶᠠᠷ ᠨᠡᠯᠢᠶᠡᠳ ᠴᠢᠩᠭ᠎ᠠ 7 ᠲᠥᠷᠥᠯ ᠵᠦᠢᠯ ᠢ ᠲᠠᠨᠢᠯᠴᠠᠭᠤᠯᠤᠨ ᠭᠤᠶᠤᠴᠢᠯᠠᠨ ᠮᠡᠳᠡᠭᠦᠯᠦᠭᠰᠡᠨ ᠪᠠᠶᠢᠨ᠎ᠠ᠃ ᠬᠠᠮᠤᠭ ᠤᠨ ᠡᠴᠦᠰ ᠲᠤ᠂ 3 ᠲᠥᠷᠥᠯ ᠵᠦᠢᠯ ᠢ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ 2023 ᠣᠨ ᠤ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠠᠰ ᠳᠡᠪᠰᠢᠭᠦᠯᠬᠦ ᠤᠳᠤᠷᠢᠳᠤᠮᠵᠢ ᠶᠢᠨ ᠲᠥᠯᠥᠪᠯᠡᠭᠡ ᠳᠤ ᠣᠷᠣᠭᠤᠯᠪᠠ᠂ ᠲᠡᠳᠡᠭᠡᠷ ᠨᠢ ᠲᠣᠰ ᠲᠣᠰ᠄ ᠥᠪᠥᠷ ᠮᠣᠩᠭᠤᠯ ᠤᠨ ᠰᠠᠨ ᠯᠢᠶᠠᠨ ᠬᠢᠮᠢ ᠶᠢᠨ ᠠᠵᠤ ᠦᠢᠯᠡᠳᠪᠦᠷᠢ ᠶᠢᠨ ᠴᠢᠩ ᠱᠦᠢ ᠾᠧ ᠰᠢᠶᠠᠨ ᠤ ᠬᠤᠪᠢᠶᠠᠷᠢ ᠺᠣᠮᠫᠠᠨᠢ ᠶᠢᠨ ᠴᠠᠬᠢᠯᠠᠭᠤᠷ ᠴᠢᠯᠠᠭᠤᠨ ᠤ ᠵᠤᠤᠬ᠎ᠠ ᠶᠢ ᠨᠡᠭᠦᠯᠭᠡᠬᠦ ᠮᠡᠷᠭᠡᠵᠢᠯ ᠤᠨ ᠥᠭᠡᠷᠡᠴᠢᠯᠡᠯᠲᠡ᠂ ᠴᠢ ᠯᠦ ᠡᠮ ᠦᠢᠯᠡᠳᠬᠦ ︵ᠥᠪᠥᠷ ᠮᠣᠩᠭᠤᠯ︶ ᠦᠢᠯᠡᠳᠬᠦᠨ ᠢ ᠲᠠᠰ ᠳᠡᠪᠰᠢᠭᠦᠯᠵᠦ ᠰᠢᠨ᠎ᠡ ᠪᠠᠷ ᠪᠠᠶᠢᠭᠤᠯᠬᠤ᠂ ᠥᠪᠥᠷ ᠮᠣᠩᠭᠤᠯ ᠤᠨ ᠵᠦᠩ ᠮᠦ ᠠᠮᠢᠳᠤ ᠪᠣᠳᠠᠰ ᠤᠨ ᠡᠮ ᠤᠨ ᠦᠢᠯᠡᠰ ᠤᠨ ᠲᠣᠮᠣ ᠴᠠᠭᠠᠷᠢᠭᠲᠤ ᠳᠣᠲᠣᠭᠠᠳᠤ ᠡᠰᠲ᠋ᠧᠷ ᠤᠨ ᠲᠥᠷᠥᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠠᠵᠤ ᠦᠢᠯᠡᠰ ᠤᠨ ᠬᠡᠯᠬᠢᠶ᠎ᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠲᠠᠰ ᠳᠡᠪᠰᠢᠭᠦᠯᠬᠦ ᠵᠢᠱᠢᠶ᠎ᠡ ᠦᠵᠡᠭᠦᠯᠬᠦ ᠲᠥᠷᠥᠯ ᠵᠦᠢᠯ ᠪᠣᠯᠣᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ