ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/4/22
ᠾᠧ ᠬᠠᠢ ᠳ᠋ᠦᠩ ᠬᠤᠷᠠᠯ ᠢ ᠡᠷᠬᠢᠯᠡᠪᠡ       ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠲᠠᠪᠤᠳᠤᠭᠠᠷ ᠤᠳᠠᠭ᠎ᠠ ᠶᠢᠨ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢ ᠲᠦᠯᠬᠢᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠥᠬᠡᠬᠤᠲᠠ ᠶᠢᠨ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ︾ ︽ᠬᠥᠬᠡᠬᠤᠲᠠ ᠶᠢᠨ ︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ ᠲᠦᠯᠬᠢᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠬᠢᠨᠠᠨ ᠶᠠᠷᠢᠯᠴᠠᠵᠤ ᠵᠠᠷᠴᠢᠮ ᠳᠡᠭᠡᠷ᠎ᠡ ᠪᠠᠨ ᠪᠠᠲᠤᠯᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠨ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠳᠤᠲᠠᠭᠤ ᠶᠢ ᠪᠠᠶᠢᠴᠠᠭᠠᠨ ᠨᠥᠬᠦᠪᠦᠷᠢᠯᠡᠵᠦ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ ᠭᠡᠵᠡᠢ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠥᠯᠦᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠰᠤ ᠠᠷᠪᠢᠯᠠᠵᠤ ᠤᠰᠤ ᠡᠵᠡᠮᠳᠡᠬᠦ᠂ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠵᠢᠯ ᠤᠨ ᠲᠣᠭᠤᠷᠢᠨ ᠳᠤ ᠤᠯᠤᠰ᠂ ᠥᠪᠡᠷᠲᠡᠭᠡᠨ ᠵᠠᠰᠠᠬᠤ ᠣᠷᠣᠨ ᠤ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠪᠠ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠵᠤ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠭᠰᠠᠨ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮᠵᠢ ᠶᠢ ᠲᠦᠷᠭᠡᠨ ᠪᠠᠶᠢᠭᠤᠯᠬᠤ ᠬᠡᠷᠡᠭᠲᠡᠢ᠃ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠲᠣᠰ ᠲᠣᠰ ᠤᠨ ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠢ ᠪᠣᠶ ᠪᠣᠯᠭᠠᠬᠤ ᠬᠡᠷᠡᠭᠲᠡᠢ᠃ ᠲᠥᠷᠥᠯ ᠲᠡᠮᠳᠡᠭᠲᠦ ᠲᠤᠰᠬᠠᠢ ᠮᠡᠷᠭᠡᠵᠢᠯ ᠢ ᠰᠠᠶᠢᠲᠤᠷ ᠪᠣᠶ ᠪᠣᠯᠭᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠬᠡᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠠᠵᠢᠯ ᠮᠡᠷᠭᠡᠵᠢᠯ ᠤᠨ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠬᠤ ᠬᠡᠷᠡᠭᠲᠡᠢ ᠭᠡᠪᠡ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ