ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠰᠠᠶᠢᠵᠢᠷᠠᠵᠤ᠂  ᠳᠤᠮᠳᠠ ᠳᠡᠰ ᠲᠤ ᠲᠠᠪᠰᠢᠨ ᠶᠠᠰᠤ ᠴᠢᠨᠠᠷ ᠨᠢ  ᠳᠡᠭᠡᠭᠰᠢᠯᠡᠪᠡ
ᠨᠡᠶᠢᠲᠡᠯᠡᠭᠰᠡᠨ ᠴᠠᠭ᠄
2024/4/22
       ︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠠᠴᠠ ᠨᠠᠭᠠᠰᠢ᠂ ᠮᠠᠨ ᠤ ᠬᠤᠲᠠ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠢᠶᠠᠷ ᠤᠷᠤᠭᠰᠢᠯᠠᠭᠤᠯᠬᠤ ᠶᠢ ᠪᠠᠷᠢᠮᠲᠠᠯᠠᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ ᠪᠠᠷ ᠬᠦᠴᠦᠯᠡᠨ ᠴᠢᠷᠮᠠᠶᠢᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ︽ᠬᠠᠮ ᠠᠷᠭ᠎ᠠ︾ ᠶᠢ ᠬᠠᠮᠵᠢᠯᠴᠠᠨ ᠬᠡᠷᠡᠭᠵᠢᠭᠦᠯᠵᠦ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ 1-2 ᠳ᠋ᠤᠭᠠᠷ ᠰᠠᠷ᠎ᠠ ᠳᠤ ᠠᠵᠤ ᠠᠬᠤᠢ ᠶᠢᠨ ᠠᠵᠢᠯᠯᠠᠭᠠᠨ ᠢ ᠲᠣᠭᠲᠠᠭᠤᠨ ᠢᠶᠠᠷ ᠡᠬᠢᠯᠡᠭᠦᠯᠵᠦ᠂ 3 ᠳ᠋ᠤᠭᠠᠷ ᠰᠠᠷ᠎ᠠ ᠳᠤ ᠳᠠᠬᠢᠨ ᠪᠠᠬᠢᠵᠢᠭᠦᠯᠦᠨ ᠳᠠᠬᠢᠨ ᠳᠡᠭᠡᠭᠰᠢᠯᠡᠭᠦᠯᠵᠦ᠂ ᠨᠢᠭᠡᠳᠦᠭᠡᠷ ᠤᠯᠠᠷᠢᠯ ᠳᠤ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠰᠠᠶᠢᠵᠢᠷᠠᠵᠤ᠂  ᠳᠤᠮᠳᠠ ᠳᠡᠰ ᠲᠤ ᠲᠠᠪᠰᠢᠨ ᠶᠠᠰᠤ ᠴᠢᠨᠠᠷ ᠨᠢ ᠳᠡᠭᠡᠭᠰᠢᠯᠡᠭᠰᠡᠨ ᠪᠠᠶᠢᠨ᠎ᠠ᠃       ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠥᠬᠦ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 920 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 6.4% ᠨᠡᠮᠡᠭᠳᠡᠵᠡᠢ᠃ ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 18 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 271 ᠳ᠋ᠦᠩᠰᠢᠭᠤᠷ ᠲᠥᠭᠦᠷᠢᠭ ᠬᠦᠷᠴᠦ᠂ 10.0% ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 631 ᠳ᠋ᠦᠩᠰᠢᠭᠤᠷ ᠲᠥᠭᠦᠷᠢᠭ ᠬᠦᠷᠴᠦ᠂ 5.0% ᠪᠠᠷ ᠨᠡᠮᠡᠭᠳᠡᠪᠡ᠃      ᠲᠠᠷᠢᠶᠠᠯᠠᠩ ᠤᠨ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ ᠪᠥᠬᠦ ᠬᠤᠲᠠ ᠶᠢᠨ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠬᠦᠨ ᠤ ᠶᠡᠷᠦᠩᠬᠡᠢ ᠥᠷᠲᠡᠭ 34.3 ᠳ᠋ᠦᠩᠰᠢᠭᠤᠷ ᠲᠥᠭᠦᠷᠢᠭ ︵ᠬᠠᠷᠢᠴᠠᠭᠤᠯᠵᠤ ᠪᠣᠯᠬᠤ ᠦᠨ᠎ᠡ ᠪᠠᠷ ᠪᠤᠳᠤᠨ᠎ᠠ︶ ᠬᠦᠷᠴᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ᠃ ᠲᠠᠷᠢᠶᠠᠯᠠᠩ᠂ ᠣᠶ ᠰᠢᠭᠤᠢ᠂ ᠮᠠᠯ ᠠᠵᠤ ᠠᠬᠤᠢ᠂ ᠵᠢᠭᠠᠰᠤᠨ ᠠᠵᠤ ᠠᠬᠤᠢ ᠪᠠ ᠦᠢᠯᠡᠴᠢᠯᠡᠭᠡᠨ ᠤ ᠦᠢᠯᠡᠰ ᠵᠡᠷᠭᠡ ᠲᠠᠪᠤᠨ ᠵᠦᠢᠯ ᠤᠨ ᠠᠵᠤ ᠠᠬᠤᠢ ᠶᠢᠨ ᠭᠤᠣᠯ ᠭᠦᠢᠴᠡᠳᠬᠡᠯ ᠲᠤᠭ᠎ᠠ ᠶᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠴᠥᠮ ᠪᠥᠬᠦ ᠲᠠᠯ᠎ᠠ ᠪᠠᠷ ᠳᠡᠭᠡᠭᠰᠢᠯᠡᠵᠦ᠂ ᠲᠣᠰ ᠲᠣᠰ 9.7%᠂ 9.7%᠂ 5.5%᠂ 7.5% ᠪᠠ 5.5% ᠪᠠᠷ ᠨᠡᠮᠡᠭᠳᠡᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠢ ᠪᠦᠬᠦᠨ ᠢ ᠡᠬᠢᠯᠡᠨ ᠪᠦᠲᠦᠭᠡᠨ ᠪᠠᠶᠢᠭᠤᠯᠪᠠ᠃ 2024 ᠣᠨ ᠳᠤ 14.54 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ  ᠢ ᠰᠢᠨ᠎ᠡ ᠪᠠᠷ ᠪᠠᠶᠢᠭᠤᠯᠵᠤ᠂ 13 ᠲᠦᠮᠡᠨ ᠮᠦ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠵᠦ᠂ 50 ᠲᠦᠮᠡᠨ ᠮᠦ ᠬᠤᠵᠢᠷᠯᠢᠭ ᠭᠠᠵᠠᠷ ᠢ ᠥᠭᠡᠷᠡᠴᠢᠯᠡᠨ ᠠᠰᠢᠭᠯᠠᠵᠤ᠂ ᠨᠡᠶᠢᠲᠡ 7.41 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 3 ᠳ᠋ᠤᠭᠠᠷ ᠰᠠᠷ᠎ᠠ  ᠶᠢᠨ ᠡᠴᠦᠰ ᠪᠣᠯᠲᠠᠯ᠎ᠠ ᠪᠦᠬᠦᠨ ᠢ ᠡᠬᠢᠯᠡᠭᠦᠯᠦᠭᠰᠡᠨ ᠪᠠᠶᠢᠨ᠎ᠠ᠃ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠦᠷᠭᠦᠯᠵᠢᠯᠡᠨ ᠴᠢᠩᠭᠠᠷᠠᠪᠠ᠃ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠳᠥᠷᠪᠡᠨ ᠮᠢᠬ᠎ᠠ ︵ᠭᠠᠭ᠋ᠠᠢ ᠦᠬᠡᠷ ᠬᠤᠨᠢ ᠵᠢᠭᠦᠷᠲᠡᠨ︶ ᠶᠢᠨ ᠶᠡᠷᠦᠩᠬᠡᠢ ᠭᠠᠷᠤᠯᠲᠠ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠰᠦ ᠶᠢᠨ ᠲᠥᠷᠥᠯ ᠤᠨ ᠶᠡᠷᠦᠩᠬᠡᠢ ᠭᠠᠷᠤᠯᠲᠠ ᠠᠳᠠᠯᠢ ᠬᠤᠭᠤᠴᠠᠭᠠᠨ ᠤ ᠬᠢ ᠠᠴᠠ 28.9%  ᠪᠠᠷ ᠨᠡᠮᠡᠭᠳᠡᠵᠦ᠂ ᠰᠦ ᠶᠢᠨ ᠲᠥᠷᠥᠯ ᠤᠨ ᠭᠠᠷᠤᠯᠲᠠ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠪᠠᠶᠢᠳᠠᠯ ᠰᠠᠶᠢᠨ ᠪᠠᠶᠢᠵᠤ᠂ ᠲᠠᠯᠠᠪᠠᠢ ᠪᠠ ᠭᠠᠷᠤᠯᠲᠠ ᠴᠥᠮ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠢᠳᠡᠰᠢᠨ ᠨᠣᠭᠤᠭ᠎ᠠ ᠵᠢᠴᠢ ᠢᠳᠡᠭᠡᠨ ᠤ ᠮᠥᠭᠦ ᠶᠢᠨ ᠳᠠᠷᠢᠬᠤ ᠲᠠᠯᠠᠪᠠᠶ 1.3 ᠲᠦᠮᠡᠨ ᠮᠦ ᠬᠦᠷᠴᠦ᠂ ᠠᠳᠠᠯᠢ ᠬᠤᠭᠤᠴᠠᠭᠠᠨ ᠤ ᠬᠢ ᠠᠴᠠ 24.6% ᠪᠠᠷ ᠨᠡᠮᠡᠭᠳᠡᠨ᠂ ᠶᠡᠷᠦᠩᠬᠡᠢ ᠭᠠᠷᠤᠯᠲᠠ ᠨᠢ 3.0 ᠲᠦᠮᠡᠨ ᠲᠣᠨ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ᠃ ᠤᠯᠤᠰ ᠤᠨ ᠲᠠᠰ ᠤᠨ ᠣᠯᠠᠨ ᠲᠦᠷᠦᠯ ᠵᠦᠢᠯ ᠤᠨ ᠪᠡᠯᠡ ᠮᠥᠩᠭᠦ ᠵᠥᠪᠰᠢᠶᠡᠷᠡᠭᠳᠡᠪᠡ᠃ ᠴᠢᠩ ᠱᠦᠢ ᠾᠧ ᠰᠢᠶᠠᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠬᠠᠭᠤᠷᠠᠢ ᠲᠠᠷᠢᠶᠠᠯᠠᠭ᠎ᠠ ᠶᠢᠨ ᠨᠠᠷᠢᠮᠤ ᠶᠢᠨ ᠠᠵᠤ ᠦᠢᠯᠡᠰ ᠤᠨ ᠪᠦᠭᠡᠮᠨᠡᠷᠡᠯ ᠤᠯᠤᠰ ᠤᠨ ᠲᠡᠰ ᠤᠨ ᠠᠵᠤ ᠦᠢᠯᠡᠰ ᠤᠨ ᠪᠦᠭᠡᠮᠨᠡᠷᠡᠯ ᠤᠨ ᠲᠦᠷᠦᠯ ᠵᠦᠢᠯ ᠳᠤ ᠤᠷᠤᠵᠤ᠂ 2600 ᠲᠦᠮᠡᠨ ᠲᠥᠭᠦᠷᠢᠭ ᠤᠨ ᠲᠡᠳᠬᠦᠮᠵᠢ ᠶᠢᠨ ᠪᠡᠯᠡ ᠮᠥᠩᠭᠦ ᠣᠯᠪᠠ︔ ᠬᠤᠷᠢᠨᠬᠡᠷ ᠰᠢᠶᠠᠨ ᠤ ᠱᠧᠩ ᠯᠧ ᠪᠠᠯᠭᠠᠰᠤ ᠤᠯᠤᠰ ᠤᠨ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠡᠭᠦᠳᠦᠨ ᠪᠠᠶᠢᠭᠤᠯᠬᠤ ᠨᠡᠷᠡᠰ ᠲᠤ ᠰᠣᠩᠭᠤᠭᠳᠠᠨ ᠣᠷᠣᠵᠤ᠂ 1000 ᠲᠦᠮᠡᠨ ᠲᠥᠭᠦᠷᠢᠭ ᠤᠨ ᠲᠡᠳᠬᠦᠮᠵᠢ ᠶᠢᠨ ᠪᠡᠯᠡ ᠮᠥᠩᠭᠦ ᠣᠯᠪᠠ᠃       ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠲᠣᠭᠲᠠᠭᠤᠨ ᠢᠶᠠᠷ ᠳᠡᠭᠡᠭᠰᠢᠯᠡᠪᠡ᠃ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠵᠦ᠂ 1︱2 ᠳ᠋ᠤᠭᠠᠷ ᠰᠠᠷ᠎ᠠ ᠶᠢᠨ ᠬᠢ ᠠᠴᠠ 0.2 ᠵᠠᠭᠤᠨ ᠤ ᠨᠢᠭᠡᠴᠢ ︵ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠪᠥᠬᠦ ᠣᠷᠣᠨ ᠳᠤ ᠳᠥᠷᠪᠡᠳᠦᠭᠡᠷ ᠲᠤ ᠵᠢᠭᠰᠠᠭᠠᠭᠳᠠᠪᠠ︶ ᠳᠡᠭᠡᠭᠰᠢᠯᠡᠵᠦ᠂ ᠥᠪᠡᠷᠲᠡᠭᠡᠨ ᠵᠠᠰᠠᠬᠤ ᠣᠷᠣᠨ ︵7.1%︶  ᠠᠴᠠ 5.5 ᠵᠠᠭᠤᠨ ᠤ ᠨᠢᠭᠡᠴᠢ ᠥᠨᠳᠥᠷ ᠪᠣᠯᠵᠠᠢ᠃ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠨᠡᠯᠢᠶᠡᠳ ᠥᠨᠳᠥᠷ ᠪᠠᠶᠢᠨ᠎ᠠ᠃ ᠪᠥᠬᠦ ᠬᠤᠲᠠ ᠶᠢᠨ 28 ᠶᠡᠭᠡ ᠲᠥᠷᠥᠯ ᠤᠨ ᠳᠣᠲᠣᠷ᠎ᠠ᠂ 16 ᠨᠢ ᠠᠳᠠᠯᠢ ᠬᠤᠭᠤᠴᠠᠭᠠᠨ ᠤ ᠬᠢ ᠠᠴᠠ ᠨᠡᠮᠡᠭᠳᠡᠵᠦ᠂ ᠠᠵᠢᠯ ᠲᠥᠷᠥᠯ ᠤᠨ ᠨᠡᠮᠡᠭᠳᠡᠯ ᠤᠨ ᠬᠡᠪᠴᠢᠶ᠎ᠡ ᠨᠢ 57.1%᠃ ᠡᠭᠦᠨ ᠳᠤ ᠢᠳᠡᠭᠡᠨ ᠤ ᠵᠦᠢᠯ ᠤᠨ ᠦᠢᠯᠡᠳᠪᠦᠷᠢᠯᠡᠯ᠂ ᠴᠠᠬᠢᠯᠭᠠᠨ ᠬᠦᠴᠦ ᠢᠯᠴᠢ ᠶᠢᠨ ᠬᠦᠴᠦᠨ ᠤ ᠦᠢᠯᠡᠳᠪᠦᠷᠢᠯᠡᠯ᠂ ᠴᠢᠯᠠᠭᠤᠨ ᠲᠣᠰᠣ ᠨᠡᠭᠦᠷᠡᠰᠦ ᠪᠣᠯᠪᠠᠰᠤᠷᠠᠭᠤᠯᠬᠤ ᠪᠠ ᠰᠢᠲᠠᠮᠠᠬᠠᠢ ᠬᠡᠢ ᠶᠢᠨ ᠦᠢᠯᠡᠳᠪᠦᠷᠢᠯᠡᠯ ᠤᠨ ᠬᠠᠩᠭᠠᠯᠭ᠎ᠠ ᠶᠢᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 17.1%᠂ 17.1%᠂ 20.5% ᠪᠠ 38.1% ᠪᠠᠷ ᠨᠡᠮᠡᠭᠳᠡᠵᠦ᠂ ᠨᠡᠶᠢᠲᠡ 13.2 ᠵᠠᠭᠤᠨ ᠤ ᠨᠢᠭᠡᠴᠢ ᠳᠡᠭᠡᠭᠰᠢᠯᠡᠵᠡᠢ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯᠯᠠᠭᠠᠨ ᠲᠣᠭᠲᠠᠭᠤᠨ ᠪᠠᠶᠢᠨ᠎ᠠ᠃ ᠪᠥᠬᠦ ᠬᠤᠲᠠ ᠶᠢᠨ 357 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠳᠣᠲᠣᠷ᠎ᠠ᠂ 127 ᠠᠵᠤ ᠠᠬᠤᠶᠢᠯᠠᠯ ᠨᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠪᠡ᠃ ᠦᠢᠯᠡᠴᠢᠯᠡᠭᠡᠨ ᠤ ᠦᠢᠯᠡᠰ ᠤᠨ ᠨᠡᠮᠡᠭᠳᠡᠯ ᠰᠠᠶᠢᠨ ᠪᠠᠶᠢᠨ᠎ᠠ᠃ ᠨᠢᠭᠡᠳᠦᠭᠡᠷ ᠤᠯᠠᠷᠢᠯ ᠳᠤ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.0% ᠨᠡᠮᠡᠭᠳᠡᠵᠦ᠂ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ  ᠨᠢ 55.3% ᠬᠦᠷᠪᠡ᠃ ᠠᠵᠢᠯ ᠲᠥᠷᠥᠯ ᠠᠴᠠ ᠦᠵᠡᠪᠡᠯ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ 10 ᠠᠵᠢᠯ ᠲᠥᠷᠥᠯ ᠤᠨ ᠳᠣᠲᠣᠷ᠎ᠠ᠂ 1︱2 ᠳ᠋ᠤᠭᠠᠷ ᠰᠠᠷ᠎ᠠ ᠶᠢᠨ ᠡᠵᠡᠩᠨᠡᠯᠲᠡ ᠶᠢᠨ ᠣᠷᠣᠯᠭ᠎ᠠ ᠨᠢ ᠠᠳᠠᠯᠢ ᠬᠤᠭᠤᠴᠠᠭᠠᠨ ᠤ ᠬᠢ ᠠᠴᠠ ︽7 ᠨᠡᠮᠡᠭᠳᠡᠵᠦ 3 ᠪᠠᠭᠤᠷᠠᠵᠤ︾᠂ ᠰᠠᠭᠤᠭᠠᠯᠢ ᠠᠷᠠᠳ ᠤᠨ ᠦᠢᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠣᠶᠣᠯ᠂ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠵᠡᠷᠭᠡ ᠭᠤᠷᠪᠠᠨ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠢ ᠭᠠᠷᠭᠠᠪᠠᠯ᠂ ᠪᠤᠰᠤᠳ ᠠᠵᠢᠯ ᠲᠥᠷᠥᠯ ᠤᠨ ᠲᠥᠷᠥᠯ ᠨᠢ ᠴᠥᠮ ᠨᠡᠮᠡᠭᠳᠡᠭᠰᠡᠨ ᠪᠠᠶᠢᠨ᠎ᠠ᠃ ᠡᠭᠦᠨ ᠳᠤ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ ᠡᠵᠡᠯᠡᠬᠦ ᠬᠠᠷᠢᠴᠠᠯ ᠨᠢ 68.7% ︵ᠡᠵᠡᠯᠡᠬᠦ ᠬᠠᠷᠢᠴᠠᠯ ᠨᠢ ᠬᠠᠮᠤᠭ ᠤᠨ ᠶᠡᠭᠡ︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 22.7% ᠪᠠᠷ ᠨᠡᠮᠡᠭᠳᠡᠨ᠂ ᠬᠥᠭᠵᠢᠯᠲᠡ ᠶᠢᠨ ᠬᠠᠨᠳᠤᠰᠢ ᠨᠢ ᠮᠠᠰᠢ ᠰᠠᠶᠢᠨ ᠪᠠᠶᠢᠨ᠎ᠠ︔ ᠰᠤᠷᠭᠠᠨ ᠬᠥᠮᠦᠵᠢᠯ ᠤᠨ ᠲᠥᠷᠥᠯ ᠵᠦᠢᠯ ᠤᠨ ᠨᠡᠮᠡᠭᠳᠡᠯ ᠤᠨ ᠬᠤᠷᠳᠤᠴᠠ ᠬᠠᠮᠤᠭ ᠤᠨ ᠲᠦᠷᠭᠡᠨ ᠪᠠᠶᠢᠵᠤ᠂ ᠡᠵᠡᠩᠨᠡᠯᠲᠡ ᠶᠢᠨ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 76.9% ᠪᠠᠷ ᠨᠡᠮᠡᠭᠳᠡᠪᠡ᠃ ᠠᠵᠤ ᠠᠬᠤᠶᠢᠯᠠᠯ ᠤᠨ ᠪᠠᠶᠢᠳᠠᠯ ᠠᠴᠠ ᠦᠵᠡᠪᠡᠯ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 530 ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠳᠣᠲᠣᠷ᠎ᠠ᠂ 305 ᠠᠵᠤ ᠠᠬᠤᠶᠢᠯᠠᠯ ᠤᠨ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ ᠪᠠᠷᠤᠭ 6% ᠳᠤ ᠬᠦᠷᠴᠡᠢ᠂ ᠡᠭᠦᠨ ᠳᠤ 260 ᠠᠵᠤ ᠠᠬᠤᠶᠢᠯᠠᠯ ᠨᠢ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠡᠶᠡᠯᠡᠭᠦᠯᠵᠡᠢ᠃       ᠪᠡᠯᠡ ᠣᠷᠣᠭᠤᠯᠤᠯᠲᠠ ᠶᠢᠨ ᠬᠤᠷᠳᠤᠴᠠ ᠲᠦᠷᠭᠡᠳᠴᠦ ᠦᠷ᠎ᠡ ᠠᠰᠢᠭ ᠨᠡᠮᠡᠭᠳᠡᠪᠡ᠃ ᠨᠢᠭᠡᠳᠦᠭᠡᠷ ᠤᠯᠠᠷᠢᠯ ᠳᠤ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 39.3% ᠪᠠᠷ ᠨᠡᠮᠡᠭᠳᠡᠵᠦ ︵ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠪᠥᠬᠦ ᠣᠷᠣᠨ ᠤ ᠭᠤᠷᠪᠠᠳᠤᠭᠠᠷ ᠲᠤ ᠵᠢᠭᠰᠠᠭᠠᠭᠳᠠᠪᠠ︶᠂ 1 ︱ 2 ᠳ᠋ᠤᠭᠠᠷ ᠰᠠᠷ᠎ᠠ ᠶᠢᠨ ᠬᠢ ᠠᠴᠠ 6.2 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠣᠷᠣᠨ ︵31.5%︶   ᠠᠴᠠ 7.8 ᠵᠠᠭᠤᠨ ᠤ ᠨᠢᠭᠡᠴᠢ ᠥᠨᠳᠥᠷ ᠪᠣᠯᠪᠠ᠃ ᠬᠥᠮᠥᠷᠭᠡ ᠳᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠦᠢᠯᠡᠳᠦᠯ ᠢᠯᠡᠷᠬᠡᠢ ᠪᠠᠶᠢᠨ᠎ᠠ᠃ 3 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠲᠠ ᠶᠢᠨ ᠬᠥᠮᠥᠷᠭᠡ ᠳᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 973 ︵ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠪᠠᠭᠲᠠᠭᠠᠨ᠎ᠠ︶ ᠪᠠᠶᠢᠵᠤ᠂ ᠡᠭᠦᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 165 ᠪᠠᠶᠢᠵᠤ᠂ ᠪᠡᠯᠡ ᠣᠷᠣᠭᠤᠯᠤᠯᠲᠠ ᠶᠢᠨ ᠲᠤᠭ᠎ᠠ ᠨᠢ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ 64.6% ᠶᠢ ᠡᠵᠡᠯᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 21.3 ᠵᠠᠭᠤᠨ ᠤ ᠨᠢᠭᠡᠴᠢ ᠳᠠᠶᠢᠴᠢᠯᠠᠵᠤ᠂ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠲᠣᠪᠣᠶᠢᠮ᠎ᠠ ᠪᠣᠯᠤᠭᠰᠠᠨ ᠪᠠᠶᠢᠨ᠎ᠠ᠃ ᠰᠠᠭᠤᠷᠢ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠳᠠᠶᠢᠴᠢᠯᠠᠯᠲᠠ ᠬᠦᠴᠦᠲᠡᠢ ᠪᠠᠶᠢᠨ᠎ᠠ᠃ ᠨᠢᠭᠡᠳᠦᠭᠡᠷ ᠤᠯᠠᠷᠢᠯ ᠳᠤ 79.4% ᠪᠠᠷ ᠨᠡᠮᠡᠭᠳᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 29.3 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ ᠭᠤᠣᠯᠳᠠᠭᠤ ᠰᠢᠨ᠎ᠡ ᠨᠢᠰᠬᠡᠯ ᠤᠨ ᠪᠠᠭᠤᠳᠠᠯ᠂ S43 ᠨᠢᠰᠬᠡᠯ ᠤᠨ ᠪᠠᠭᠤᠳᠠᠯ ᠤᠨ ᠲᠦᠷᠭᠡᠨ ᠤ ᠵᠠᠮ᠂ ᠲᠣᠭᠲᠠᠬᠤ ᠴᠢᠩᠱᠦᠢ ᠾᠧ ᠶᠢᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠦᠷᠦᠯ ᠵᠦᠢᠯ ᠤᠨ ᠲᠣᠭᠲᠠᠬᠤ ᠶᠢᠨ ᠭᠡᠷᠡᠯ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠤᠨ ᠨᠢᠭᠡᠳᠦᠭᠡᠷ ᠬᠤᠭᠤᠴᠠᠭ᠎ᠠ᠂ ᠬᠠᠶᠢᠯᠠᠷ ᠵᠡᠭᠦᠨ ᠵᠡᠭᠡᠯᠢ ᠠᠴᠠ ᠬᠠᠶᠢᠯᠠᠷ ᠪᠠᠷᠠᠭᠤᠨ ᠵᠡᠭᠡᠯᠢ ᠬᠦᠷᠬᠦ ᠶᠢᠨ ᠬᠠᠢ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠵᠡᠷᠭᠡ ᠰᠠᠭᠤᠷᠢ ᠪᠡᠯᠡᠳᠬᠡᠮᠵᠢ ᠶᠢᠨ ᠲᠣᠮᠣ ᠬᠡᠯᠪᠡᠷᠢ ᠶᠢᠨ ᠲᠦᠷᠦᠯ ᠵᠦᠢᠯ ᠢ ᠦᠷᠭᠦᠯᠵᠢᠯᠡᠭᠦᠯᠵᠦ᠂ ᠴᠢᠩᠭ᠎ᠠ ᠬᠦᠴᠦᠲᠡᠢ ᠲᠤᠯᠭᠠᠭᠤᠷᠢᠯᠠᠯ ᠢ  ᠪᠦᠷᠢᠯᠳᠦᠭᠦᠯᠵᠡᠢ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠪᠠ᠃ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠥᠬᠦ ᠬᠤᠲᠠ ᠶᠢᠨ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 20.6% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 66.3% ᠪᠠᠷ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 11.5 ᠵᠠᠭᠤᠨ ᠤ ᠨᠢᠭᠡᠴᠢ ᠳᠠᠶᠢᠴᠢᠯᠠᠪᠠ᠃       ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠠᠮᠢᠵᠢᠷᠠᠯ ᠤᠨ ᠬᠦᠴᠦᠨ ᠢᠯᠡᠳᠲᠡ ᠪᠣᠯᠪᠠ᠃ ᠨᠢᠭᠡᠳᠦᠭᠡᠷ ᠤᠯᠠᠷᠢᠯ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 291.8 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 4.1% ᠨᠡᠮᠡᠭᠳᠡᠪᠡ ︵ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠭᠤᠷᠪᠠᠳᠤᠭᠠᠷ ᠲᠤ ᠵᠢᠭᠰᠠᠭᠠᠭᠳᠠᠪᠠ︶᠃ ᠡᠭᠦᠨ ᠳᠤ᠂ ᠬᠢᠵᠠᠭᠠᠷᠯᠠᠬᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 109.4 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ       5.0% ᠨᠡᠮᠡᠭᠳᠡᠪᠡ᠃ ᠭᠤᠣᠯ ᠠᠵᠢᠯ ᠲᠥᠷᠥᠯ ᠠᠴᠠ ᠦᠵᠡᠪᠡᠯ᠂ ᠪᠥᠬᠦ ᠬᠤᠲᠠ ᠶᠢᠨ ᠬᠢᠵᠠᠭᠠᠷᠯᠠᠬᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠪᠠᠭᠤᠳᠠᠯ ᠢᠳᠡᠭᠡᠨ ᠤᠮᠳᠠᠭᠠᠨ ᠤ ᠦᠢᠯᠡᠰ ᠤᠨ ᠪᠣᠷᠣᠯᠠᠭᠤᠯᠤᠯᠲᠠ ᠶᠢᠨ ᠲᠤᠭ᠎ᠠ ᠪᠠ ᠡᠵᠡᠩᠨᠡᠯᠲᠡ ᠶᠢᠨ ᠨᠣᠷᠮ᠎ᠠ ᠲᠣᠰ ᠲᠣᠰ 3.5%᠂       11.8% ᠪᠠᠷ ᠨᠡᠮᠡᠭᠳᠡᠪᠡ᠃ ᠬᠡᠷᠡᠭᠴᠡᠭᠡᠨ ᠤ ᠬᠥᠳᠡᠯᠭᠡᠭᠴᠢ  ᠬᠦᠴᠦᠨ ᠠᠴᠠ ᠠᠪᠴᠤ ᠦᠵᠡᠪᠡᠯ᠂ ᠪᠥᠬᠦ ᠬᠤᠲᠠ ᠶᠢᠨ ᠬᠢᠵᠠᠭᠠᠷᠯᠠᠬᠤ ᠨᠢᠭᠡᠴᠢ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ 45.2% ᠢᠶᠠᠷ ᠨᠡᠮᠡᠭᠳᠡᠭᠦᠯᠵᠦ᠂ ᠬᠢᠵᠠᠭᠠᠷᠯᠠᠬᠤ ᠲᠠᠸᠠᠷ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢᠨ ᠡᠵᠡᠯᠡᠬᠦ ᠬᠤᠪᠢ ᠶᠢᠨ ᠵᠢᠩ 19.1% ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.3 ᠵᠠᠭᠤᠨ ᠤ ᠨᠢᠭᠡᠴᠢ ᠳᠡᠭᠡᠭᠰᠢᠯᠡᠵᠡᠢ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠬᠠᠯᠠᠭᠤᠨ ᠤ ᠬᠡᠮᠵᠢᠶ᠎ᠡ ᠪᠠᠭᠤᠷᠠᠭᠰᠠᠨ ᠦᠭᠡᠢ ᠪᠠᠶᠢᠵᠤ᠂ 33.6% ᠪᠠᠷ ᠨᠡᠮᠡᠭᠳᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ