ᠪᠤᠤ ᠭᠠᠩ ᠾᠧ ᠬᠠᠢ ᠳ᠋ᠦᠩ ᠪᠡᠭᠡᠵᠢᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠬᠤᠤ ᠫᠢᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/4/23
      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠨᠠᠷ ᠪᠡᠭᠡᠵᠢᠩ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠬᠤᠸ ᠫᠢᠩ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠰᠠᠨᠠᠯ ᠢᠶᠠᠨ ᠰᠣᠯᠢᠯᠴᠠᠪᠠ᠃       ᠬᠤᠤ ᠫᠢᠩ ᠬᠥᠬᠡᠬᠤᠲᠠ ᠶᠢᠨ 2024 ᠣᠨ ᠤ ᠲᠤᠰᠬᠠᠢ ᠲᠦᠷᠦᠯ ᠤᠨ ᠴᠢᠳᠠᠪᠤᠷᠢᠲᠠᠨ ᠤᠷᠢᠬᠤ ᠠᠵᠢᠯᠯᠠᠭ᠎ᠠ ︽ᠪᠡᠭᠡᠵᠢᠩ ᠶᠡᠭᠡ ᠰᠤᠷᠭᠠᠭᠤᠯᠢ ᠳᠤ ᠣᠷᠣᠬᠤ︾ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠠᠭᠰᠢ ᠶᠢᠨ ᠡᠩᠨᠡᠭᠡ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠭᠡᠨ ᠤ ᠰᠠᠯᠠᠭ᠎ᠠ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠲᠠᠯ᠎ᠠ ᠪᠠᠷ ᠰᠤᠷᠭᠠᠭᠤᠯᠢ ᠶᠢᠨ ᠦᠨᠳᠦᠰᠦᠨ ᠪᠠᠶᠢᠳᠠᠯ ᠢᠶᠠᠨ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠪᠡᠭᠡᠵᠢᠩ ᠶᠡᠭᠡ ᠰᠤᠷᠭᠠᠭᠤᠯᠢ ᠤᠯᠤᠰ ᠤᠨ ᠪᠠᠶᠢᠯᠳᠤᠬᠤ ᠪᠣᠳᠣᠯᠭ᠎ᠠ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠰᠤᠷᠭᠠᠭᠤᠯᠢ ᠶᠢᠨ ︽ᠬᠤᠣᠰ ᠲᠡᠷᠢᠭᠦᠨ︾ ᠤ ᠪᠦᠲᠦᠭᠡᠨ ᠪᠠᠶᠢᠭᠤᠯᠤᠯᠲᠠ ᠳᠤ ᠦᠢᠯᠡᠴᠢᠯᠡᠬᠦ ᠶᠢᠨ ᠲᠣᠭᠤᠷᠢᠨ ᠳᠤ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠣᠷᠣᠨ ᠨᠤᠲᠤᠭ ᠤᠨ ᠬᠥᠭᠵᠢᠯᠲᠡ ᠶᠢ ᠶᠡᠭᠡ ᠪᠠᠷ ᠳᠡᠮᠵᠢᠵᠦ ᠪᠠᠶᠢᠨ᠎ᠠ᠃ ᠣᠶᠢᠷ᠎ᠠ ᠶᠢᠨ ᠵᠢᠯ ᠠᠴᠠ᠂ ᠪᠡᠭᠡᠵᠢᠩ ᠶᠡᠭᠡ ᠰᠤᠷᠭᠠᠭᠤᠯᠢ ᠪᠣᠯᠣᠨ ᠬᠥᠬᠡᠬᠤᠲᠠ ᠰᠤᠷᠭᠠᠨ ᠬᠥᠮᠦᠵᠢᠯ᠂ ᠡᠮ ᠡᠮᠨᠡᠯᠭᠡ᠂ ᠰᠢᠨᠵᠢᠯᠡᠬᠦ ᠤᠬᠠᠭᠠᠨ ᠮᠡᠷᠭᠡᠵᠢᠯ᠂ ᠴᠢᠳᠠᠪᠤᠷᠢᠲᠠᠨ ᠵᠡᠷᠭᠡ ᠬᠦᠷᠢᠶᠡᠨ ᠳᠤ ᠮᠠᠰᠢ ᠤᠯᠠᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠰᠤᠷᠭᠠᠭᠤᠯᠢ ᠠᠴᠠ ᠬᠥᠬᠡᠬᠤᠲᠠ  ᠯᠤᠭ᠎ᠠ ᠶᠢᠨ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠬᠤᠳᠠ ᠶᠢᠨ ᠬᠠᠮᠲᠤᠷᠠᠯᠴᠠᠭ᠎ᠠ ᠶᠢᠨ ᠨᠡᠩ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠭᠡᠪᠡ᠃       ᠪᠤᠤ ᠭᠠᠩ ᠡᠩ ᠲᠡᠷᠢᠭᠦᠨ ᠳᠤ ᠪᠡᠭᠡᠵᠢᠩ ᠶᠡᠭᠡ ᠰᠤᠷᠭᠠᠭᠤᠯᠢ ᠶᠢᠨ ᠤᠷᠳᠤ ᠬᠤᠭᠤᠴᠠᠭᠠᠨ ᠤ ᠲᠤᠷᠰᠢ ᠬᠥᠬᠡᠬᠤᠲᠠ ᠳᠤ ᠦᠵᠡᠭᠦᠯᠦᠭᠰᠡᠨ ᠬᠠᠯᠠᠮᠵᠢᠯᠠᠯ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠣᠷᠣᠨ ᠤ ᠲᠥᠪ ᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠬᠥᠭᠵᠢᠯᠲᠡ᠂ ᠲᠠᠪᠤᠨ ᠲᠣᠬᠢᠷᠠᠮᠵᠢᠲᠠᠢ ᠬᠤᠲᠠ ᠶᠢᠨ ᠪᠦᠲᠦᠭᠡᠨ ᠪᠠᠶᠢᠭᠤᠯᠤᠯᠲᠠ ᠵᠢᠴᠢ ᠪᠡᠭᠡᠵᠢᠩ ᠶᠡᠭᠡ ᠰᠤᠷᠭᠠᠭᠤᠯᠢ ᠶᠢᠨ ᠰᠤᠷᠤᠭᠴᠢᠳ ᠤᠨ ᠬᠥᠬᠡᠬᠤᠲᠠ ᠳᠤ ᠠᠵᠢᠯᠯᠠᠵᠤ ᠬᠦᠭᠵᠢᠭᠰᠡᠨ ᠵᠡᠷᠭᠡ ᠪᠠᠶᠢᠳᠠᠯ ᠢ ᠳᠥᠭᠦᠮᠬᠡᠨ ᠲᠠᠨᠢᠯᠴᠠᠭᠤᠯᠪᠠ᠃ ᠲᠡᠷᠡ᠂ ᠬᠥᠬᠡᠬᠤᠲᠠ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠬᠦᠴᠦ ᠪᠠᠨ ᠲᠥᠪᠯᠡᠷᠡᠭᠦᠯᠦᠨ ᠰᠠᠶᠢᠲᠤᠷ ᠬᠢᠵᠦ᠂ ᠣᠳᠣᠬᠢᠴᠢᠯᠠᠭᠰᠠᠨ ᠣᠷᠣᠨ ᠪᠦᠰᠡ ᠶᠢᠨ ᠲᠦᠪ ᠬᠤᠳᠠ ᠶᠢ ᠲᠦᠷᠭᠡᠪᠴᠢᠯᠡᠨ ᠪᠦᠲᠦᠭᠡᠨ ᠪᠠᠶᠢᠭᠤᠯᠵᠤ ᠪᠠᠶᠢᠨ᠎ᠠ᠃ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠪᠡᠶᠡᠯᠡᠭᠦᠯᠬᠦ ᠳᠤ᠂ ᠪᠡᠭᠡᠵᠢᠩ ᠶᠡᠭᠡ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠶᠢᠨ ᠳᠡᠮᠵᠢᠯᠭᠡ ᠴᠢᠬᠤᠯᠲᠠᠢ᠃ ᠬᠤᠶᠠᠷ ᠲᠠᠯ᠎ᠠ ᠪᠠᠷ ᠢᠶᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠤᠳᠠ ᠰᠤᠷᠭᠠᠭᠤᠯᠢ ᠶᠢᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠭᠠᠷ ᠬᠤᠯᠪᠣᠨ ᠡᠭᠦᠳᠴᠦ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠤᠶᠤᠨ ᠤ ᠳᠡᠮᠵᠢᠯᠭᠡ ᠬᠠᠩᠭᠠᠬᠤ ᠶᠢ ᠬᠦᠰᠡᠵᠦ ᠪᠠᠶᠢᠨ᠎ᠠ᠃ ᠪᠡᠭᠡᠵᠢᠩ ᠶᠡᠭᠡ ᠰᠤᠷᠭᠠᠭᠤᠯᠢ ᠶᠢᠨ ᠥᠷᠭᠡᠨ ᠤᠯᠠᠨ ᠲᠤᠰᠬᠠᠢ ᠮᠡᠷᠭᠡᠵᠢᠯᠲᠡᠨ ᠡᠷᠳᠡᠮᠲᠡᠨ᠂ ᠰᠢᠯᠢᠳᠡᠭ ᠤᠶᠤᠲᠠᠳ ᠤᠨ ᠬᠥᠬᠡᠬᠤᠲᠠ ᠳᠤ ᠬᠦᠷᠴᠦ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠪᠢᠳᠡ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ᠂ ᠬᠥᠬᠡᠬᠤᠲᠠ ᠶᠢᠨ ᠬᠢᠨ ᠪᠦᠬᠦ ᠬᠦᠴᠦᠨ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠤᠯᠠᠨ ᠤ ᠠᠪᠢᠶᠠᠰ ᠴᠢᠳᠠᠪᠤᠷᠢ ᠪᠠᠨ ᠪᠠᠳᠠᠷᠠᠭᠤᠯᠬᠤ ᠳᠤ ᠥᠷᠭᠡᠨ ᠠᠭᠤᠳᠠᠮ ᠲᠠᠪᠴᠠᠩ ᠬᠠᠩᠭᠠᠨ᠎ᠠ ᠭᠡᠪᠡ᠃       ᠬᠤᠳᠠ ᠶᠢᠨ ᠤᠳᠤᠷᠢᠳᠤᠯᠭ᠎ᠠ ᠴᠢᠶᠣᠤ ᠢᠦᠢ ᡂᠢ᠂ ᠯᠢᠦ ᠵᠢᠢ ᠶᠢᠩ᠂ ᠵᠢᠶᠣᠣ ᠬᠤᠩ ᠨᠠᠷ ᠣᠷᠣᠯᠴᠠᠪᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ