ᠢᠦᠶ ᠴᠢᠤᠸᠠᠨ ᠲᠣᠭᠤᠷᠢᠭ᠄ ︽ᠬᠠᠯᠠᠭᠤᠨ ᠳᠤᠯᠠᠭᠠᠨ ᠤ ᠢᠨᠵᠧᠨᠧᠷᠢᠩ︾ ᠢ ᠡᠮᠬᠢ ᠵᠢᠷᠤᠮ ᠲᠠᠢ ᠥᠷᠨᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2024/4/24
      ᠣᠶᠢᠷ᠎ᠠ ᠳᠤ᠂ ᠢᠦᠶ ᠴᠢᠤᠸᠠᠨ ᠲᠣᠭᠤᠷᠢᠭ ᠤᠨ ᠴᠠᠩ ᠾᠧ ᠯᠠᠩ ᠵᠡᠭᠡᠯᠢ ᠭᠤᠲᠤᠮᠵᠢ ᠶᠢᠨ ᠪᠤᠳᠢ ᠰᠤᠪᠤᠷᠭ᠎ᠠ ᠶᠢᠨ ᠪᠠᠷᠠᠭᠤᠨ ᠨᠡᠶᠢᠭᠡᠮ ᠲᠣᠭᠤᠷᠢᠭ ᠤᠨ ︽ᠬᠠᠯᠠᠭᠤᠨ ᠳᠤᠯᠠᠭᠠᠨ ᠤ ᠢᠨᠵᠧᠨᠧᠷᠢᠩ︾ ᠵᠢᠩᠬᠢᠨᠢ ᠪᠠᠷ ᠠᠵᠢᠯ ᠢᠶᠠᠨ ᠡᠬᠢᠯᠡᠭᠦᠯᠵᠦ᠂ ᠡᠨᠡ ᠨᠢ ᠲᠣᠰ ᠨᠡᠶᠢᠭᠡᠮ ᠲᠣᠭᠤᠷᠢᠭ ᠤᠨ ᠨᠢᠭᠡ ᠤᠳᠠᠭᠠᠨ ᠤ ᠴᠢᠬᠤᠯᠠ ᠶᠡᠭᠡ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠤᠭᠲᠤᠨ ᠠᠪᠴᠢᠷᠠᠭᠰᠠᠨ ᠢ ᠬᠠᠷᠠᠭᠤᠯᠵᠤ ᠪᠠᠶᠢᠨ᠎ᠠ᠃ ︽ᠬᠠᠯᠠᠭᠤᠨ ᠳᠤᠯᠠᠭᠠᠨ ᠤ ᠢᠨᠵᠧᠨᠧᠷᠢᠩ︾ ᠨᠢ ᠠᠷᠠᠳ ᠤᠨ ᠠᠮᠢᠳᠤᠷᠠᠯ ᠤᠨ ︽ᠨᠢᠭᠡᠳᠦᠭᠡᠷ ᠢᠨᠵᠧᠨᠧᠷᠢᠩ︾ ᠪᠣᠯᠤᠭᠰᠠᠨ ᠤ ᠬᠤᠪᠢ ᠳᠤ᠂ ᠳᠤᠯᠠᠭᠠᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠠᠷᠠᠳ ᠤᠯᠠᠨ ᠤ ᠬᠠᠯᠠᠭᠤᠨ ᠳᠤᠯᠠᠭᠠᠨ ᠢᠶᠠᠷ ᠡᠪᠦᠯᠵᠢᠬᠦ ᠶᠢ ᠪᠠᠲᠤᠯᠠᠨ᠎ᠠ᠃      ᠹᠦ᠋ ᠬᠦᠶ ᠣᠯᠠᠨ ᠤᠯᠤᠰ ᠤᠨ ᠴᠡᠴᠡᠷᠯᠢᠭ ᠬᠤᠷᠢᠶᠠᠯᠠᠯ ᠤᠨ ᠭᠠᠵᠠᠷ ᠳᠣᠤᠷᠠᠬᠢ ᠬᠤᠭᠤᠯᠠᠶ ᠶᠢᠨ ᠲᠣᠤᠷ ᠳᠤᠲᠠᠭᠳᠠᠭᠰᠠᠨ ᠪᠠ ᠬᠠᠬᠢᠷ ᠬᠦᠢᠲᠡᠨ ᠴᠠᠭ ᠠᠭᠤᠷ ᠤᠨ ᠨᠥᠯᠥᠭᠡ ᠠᠴᠠ ᠪᠣᠯᠵᠣ᠂ ᠬᠡᠰᠡᠭ ᠠᠰᠠᠷ ᠲᠠᠭᠲᠤ ᠶᠢᠨ ᠳᠤᠯᠠᠭᠠᠯᠠᠭ᠎ᠠ ᠶᠢᠨ ᠦᠷ᠎ᠡ ᠪᠦᠲᠦᠮᠵᠢ ᠠᠨᠠᠶ ᠪᠠᠶᠢᠵᠤ᠂ ᠰᠠᠭᠤᠭᠠᠯᠢ ᠠᠷᠠᠳ ᠤᠨ ᠠᠮᠢᠳᠤᠷᠠᠯ ᠨᠥᠯᠥᠭᠡᠯᠡᠭᠳᠡᠵᠡᠶ᠃ ᠡᠨᠡ ᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠠᠭᠤᠭᠠᠯᠢ ᠠᠷᠠᠳ ᠤᠨ ᠬᠤᠷᠢᠶᠠᠯᠠᠯ ᠤᠨ ᠬᠤᠶᠠᠳᠤᠭᠠᠷ ᠬᠤᠭᠤᠴᠠᠭᠠᠨ ᠤ ᠬᠤᠯᠪᠣᠭᠳᠠᠯ ᠪᠥᠬᠦᠶ ᠠᠰᠠᠷ ᠢ ᠲᠣᠰ ᠤᠳᠠᠭᠠᠨ ᠤ ᠥᠭᠡᠷᠡᠴᠢᠯᠡᠯᠲᠡ ᠶᠢᠨ ᠭᠤᠤᠯᠳᠠᠯᠭ᠎ᠠ ᠳᠤ ᠣᠷᠣᠭᠤᠯᠪᠠ᠃ ᠲᠣᠰ ᠤᠳᠠᠭᠠᠨ ᠤ ᠥᠭᠡᠷᠡᠴᠢᠯᠡᠯᠲᠡ ᠶᠢ ᠬᠥᠬᠡᠬᠤᠲᠠ ᠶᠢᠨ ᠹᠦ᠋ ᠲᠠᠢ ᠢᠯᠴᠢ ᠶᠢᠨ ᠬᠦᠴᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠠᠴᠠ ᠬᠠᠷᠢᠭᠤᠴᠠᠨ ᠪᠠᠷᠢᠵᠤ᠂ ᠪᠠᠷᠢᠯᠭ᠎ᠠ ᠶᠢᠨ ᠠᠭᠤᠯᠭ᠎ᠠ ᠳᠤ ᠳᠣᠤᠷ᠎ᠠ ᠬᠤᠷᠢᠶᠠᠯᠠᠯ ᠤᠨ ᠬᠤᠶᠠᠳᠠᠬᠢ ᠤᠳᠠᠭᠠᠨ ᠤ ᠬᠤᠭᠤᠯᠠᠶ ᠶᠢᠨ ᠲᠣᠤᠷ ᠵᠢᠴᠢ ᠳᠤᠯᠠᠭᠠᠯᠠᠭ᠎ᠠ ᠶᠢᠨ ᠬᠤᠭᠤᠯᠠᠶ ᠨᠡᠮᠡᠵᠦ᠂ ᠬᠡᠰᠡᠭ ᠨᠢᠭᠡᠴᠢ ᠶᠢᠨ ᠳᠤᠯᠠᠭᠠᠯᠠᠭ᠎ᠠ ᠲᠡᠩᠴᠡᠭᠦᠷᠢ ᠥᠬᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃      ᠲᠣᠰ ᠤᠳᠠᠭ᠎ᠠ ᠶᠢᠨ ︽ᠬᠠᠯᠠᠭᠤᠨ ᠳᠤᠯᠠᠭᠠᠨ ᠤ ᠢᠨᠵᠧᠨᠧᠷᠢᠩ︾ ᠢ ᠡᠮᠬᠢ ᠵᠢᠷᠤᠮ ᠲᠠᠢ ᠡᠬᠢᠯᠡᠭᠦᠯᠦᠭᠰᠡᠨ ᠨᠢ ᠢᠦᠶ ᠴᠢᠤᠸᠠᠨ ᠲᠣᠭᠤᠷᠢᠭ ᠠᠴᠠ ᠰᠠᠭᠤᠭᠠᠯᠢ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠴᠢᠬᠤᠯᠠᠴᠢᠯᠠᠵᠤ ᠪᠠᠶᠢᠬᠤ ᠪᠠ ᠴᠢᠷᠮᠠᠶᠢᠵᠤ ᠪᠠᠶᠢᠬᠤ ᠶᠢ ᠬᠠᠷᠠᠭᠤᠯᠵᠤ ᠪᠠᠶᠢᠨ᠎ᠠ᠃ ᠪᠠᠷᠢᠯᠭ᠎ᠠ ᠶᠢᠨ ᠠᠵᠢᠯ ᠲᠥᠯᠥᠪᠯᠡᠭᠡ ᠶᠣᠰᠣᠭᠠᠷ ᠶᠠᠪᠤᠭᠳᠠᠵᠤ᠂ ᠳᠤᠯᠠᠭᠠᠯᠠᠭ᠎ᠠ ᠶᠢᠨ ᠲᠥᠬᠦᠭᠡᠷᠦᠮᠵᠢ ᠶᠢ ᠰᠠᠶᠢᠵᠢᠷᠠᠭᠤᠯᠬᠤ᠂ ᠳᠤᠯᠠᠭᠠᠯᠠᠭ᠎ᠠ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠨᠠᠩ ᠣᠯᠠᠨ ᠰᠠᠭᠤᠭᠠᠯᠢ ᠠᠷᠠᠳ ᠲᠤ ᠳᠤᠯᠠᠭᠠᠨ ᠲᠠᠭᠠᠯᠠᠮᠵᠢᠲᠠᠶ ᠡᠪᠦᠯ ᠤᠨ ᠠᠮᠢᠳᠤᠷᠠᠯ ᠢ ᠡᠳ᠋ᠯᠡᠭᠦᠯᠬᠦ ᠪᠣᠯᠤᠮᠵᠢ ᠲᠠᠢ ᠪᠠᠶᠢᠨ᠎ᠠ᠃ ᠡᠭᠦᠨ ᠤ ᠵᠡᠷᠭᠡᠪᠡᠷ᠂ ᠢᠦᠢ ᠴᠢᠤᠸᠠᠨ ᠲᠣᠭᠤᠷᠢᠭ ᠤᠨ ᠬᠢᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠬᠤ ᠶᠢ ᠬᠠᠷᠠᠭᠤᠯᠵᠤ᠂ ᠰᠠᠭᠤᠭᠠᠯᠢ ᠠᠷᠠᠳ ᠲᠤ ᠦᠨᠡᠨ ᠪᠣᠳᠠᠲᠠᠢ ᠬᠠᠯᠠᠭᠤᠨ ᠳᠤᠯᠠᠭᠠᠨ ᠤ ᠪᠠᠲᠤᠯᠠᠭ᠎ᠠ ᠬᠠᠩᠭᠠᠵᠠᠢ᠃
ᠢᠷᠡᠯᠲᠡ᠄ ᠢᠦᠶ ᠴᠢᠤᠸᠠᠨ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ