ᠮᠠᠨ ᠤ ᠬᠤᠲᠠ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠵᠣᠬᠢᠴᠠᠭᠤᠯᠬᠤ ᠲᠣᠭᠲᠠᠴᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/4/24
      ︵ᠰᠤᠷᠪᠤᠯᠵᠢᠯᠠᠭᠴᠢ ᠶᠦᠨ ᠶᠠᠨ ᠹᠠᠩ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠳᠠ ᠶᠢᠨ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠡᠨᠡ ᠵᠢᠯ ᠤᠨ 2 ᠳ᠋ᠤᠭᠠᠷ ᠰᠠᠷ᠎ᠠ ᠳᠤ ᠠᠩᠬᠠᠳᠠᠭᠴᠢ ︽ᠨᠡᠷ᠎ᠡ ᠶᠢᠨ ᠴᠠᠭᠠᠨ ᠲᠠᠩᠰᠠ︾ ᠶᠢᠨ ᠪᠡᠯᠡ ᠲᠣᠬᠢᠷᠠᠭᠤᠯᠭ᠎ᠠ ᠶᠢᠨ ᠵᠢᠭᠡᠯᠡᠯᠭᠡ ᠶᠢ ᠲᠠᠷᠬᠠᠭᠠᠭᠰᠠᠨ ᠤ ᠲᠠᠷᠠᠭ᠎ᠠ᠂ ᠮᠠᠨ ᠤ ᠬᠤᠳᠠ ᠳᠤ ᠪᠠᠰᠠ 4 ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠲᠦᠷᠦᠯ ᠵᠦᠢᠯ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠡᠮᠵᠢᠯᠭᠡ ᠶᠢ ᠣᠯᠪᠠ᠃ ᠣᠳᠣ ᠪᠣᠯᠲᠠᠯ᠎ᠠ᠂ ᠦᠢᠯᠡᠳᠪᠦᠷᠢ ᠬᠤᠳᠠᠯᠳᠤᠭᠠᠨ ᠤ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ᠂ ᠵᠠᠮ ᠬᠠᠷᠢᠯᠴᠠᠭᠠᠨ ᠤ ᠪᠠᠩᠬᠢ ᠪᠣᠯᠣᠨ ᠵᠧᠵᠢᠶᠠᠩ ᠤᠨ ᠬᠤᠳᠠᠯᠳᠤᠭᠠᠨ ᠤ ᠪᠠᠩᠬᠢ ᠶᠢᠨ ᠲᠠᠯᠪᠢᠭᠰᠠᠨ ᠵᠢᠭᠡᠯᠡᠯᠭᠡ ᠶᠢᠨ ᠵᠣᠭᠤᠰ ᠤᠨ ᠲᠤᠭ᠎ᠠ ᠨᠡᠶᠢᠲᠡ 7.954 ᠳ᠋ᠦᠩᠰᠢᠭᠤᠷ ᠲᠥᠭᠦᠷᠢᠭ ᠬᠦᠷᠴᠦ᠂ ᠡᠭᠦᠨ ᠳᠤ᠂ ᠦᠢᠯᠡᠳᠪᠦᠷᠢ ᠬᠤᠳᠠᠯᠳᠤᠭᠠᠨ ᠤ ᠪᠠᠩᠬᠢ ︽ᠨᠡᠷ᠎ᠡ ᠶᠢᠨ ᠴᠠᠭᠠᠨ ᠲᠠᠩᠰᠠ︾ ᠶᠢᠨ ᠲᠥᠷᠥᠯ ᠵᠦᠢᠯ ᠳᠤ ᠰᠠᠭᠠᠳ ᠦᠭᠡᠢ ᠨᠡᠪᠲᠡᠷᠡᠬᠦ ᠵᠠᠮ ᠭᠠᠷᠭᠠᠵᠤ᠂ ᠵᠥᠪᠬᠡᠨ 10 ᠡᠳᠦᠷ ᠤᠨ ᠳᠣᠲᠣᠷ᠎ᠠ ᠬᠢᠨᠠᠨ ᠵᠥᠪᠰᠢᠶᠡᠷᠡᠬᠦ ᠪᠠ ᠵᠢᠭᠡᠯᠡᠯᠭᠡ ᠲᠠᠯᠪᠢᠬᠤ ᠶᠢ ᠪᠡᠶᠡᠯᠡᠭᠦᠯᠵᠦ᠂ ᠮᠠᠨ ᠤ ᠬᠤᠲᠠ ᠶᠢᠨ ᠪᠡᠯᠡ ᠲᠣᠬᠢᠷᠠᠭᠤᠯᠭ᠎ᠠ ᠶᠢ ᠵᠣᠬᠢᠴᠠᠭᠤᠯᠬᠤ ᠲᠣᠭᠲᠠᠴᠠ ᠶᠢ ᠪᠠᠶᠢᠭᠤᠯᠤᠭᠰᠠᠨ ᠠᠴᠠ ᠨᠠᠭᠠᠰᠢᠬᠢ ᠭᠠᠭᠴᠠ ᠤᠳᠠᠭᠠᠨ ᠤ ᠬᠠᠮᠤᠭ ᠤᠨ ᠶᠡᠭᠡ ᠲᠣᠭᠠᠨ ᠤ ᠵᠢᠭᠡᠯᠡᠯᠭᠡ ᠶᠢ 3 ᠳ᠋ᠦᠩᠰᠢᠭᠤᠷ ᠲᠥᠭᠦᠷᠢᠭ ᠠᠮᠵᠢᠯᠲᠠ ᠲᠠᠢ ᠲᠠᠯᠪᠢᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠭ᠎ᠠ ᠶᠢᠨ ᠬᠡᠷᠡᠭᠴᠡᠭᠡ ᠶᠢ ᠭᠦᠢᠴᠡᠳ ᠬᠠᠩᠭᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠢᠲᠡᠭᠡᠯ ᠵᠣᠷᠢᠭ ᠢ ᠪᠦᠲᠦᠮᠵᠢᠲᠡᠶ ᠪᠠᠷ ᠬᠥᠪᠴᠢᠯᠡᠭᠰᠡᠨ ᠪᠠᠶᠢᠨ᠎ᠠ᠃      ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠵᠣᠬᠢᠴᠠᠭᠤᠯᠬᠤ ᠲᠣᠭᠲᠠᠴᠠ ᠪᠠᠶᠢᠭᠤᠯᠤᠭᠳᠠᠭᠰᠠᠨ ᠠᠴᠠ ᠨᠠᠭᠠᠰᠢ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠱᠠᠭᠠᠷᠳᠠᠭᠰᠠᠨ ︽ᠲᠠᠪᠤᠨ ᠨᠥᠬᠦᠴᠡᠯ︾ ᠢ ᠴᠢᠩᠭ᠎ᠠ ᠵᠢᠷᠤᠮᠯᠠᠨ᠂ ᠭᠤᠶᠤᠴᠢᠯᠠᠨ ᠮᠡᠳᠡᠭᠦᠯᠬᠦ ᠵᠦᠢᠯᠡᠰ ᠤᠨ ᠪᠣᠭᠤᠮᠲᠠ ᠶᠢ ᠴᠢᠩᠭ᠎ᠠ ᠠᠳᠬᠤᠵᠤ᠂ ︽ᠨᠡᠷ᠎ᠡ ᠶᠢᠨ ᠴᠠᠭᠠᠨ ᠲᠠᠩᠰᠠ︾ ᠶᠢᠨ ᠲᠥᠷᠥᠯ ᠵᠦᠢᠯ ᠢ ᠨᠠᠷᠢᠨ ᠬᠢᠨᠠᠮᠠᠭᠠᠢ ᠰᠢᠯᠢᠨ ᠲᠣᠭᠲᠠᠭᠠᠵᠤ᠂ ︽ᠨᠢᠭᠡ ᠪᠦᠯᠦᠭ ᠪᠣᠯᠪᠠᠰᠤᠷᠠᠩᠭᠤᠢ ᠪᠣᠯᠪᠠᠯ ᠨᠢᠭᠡ ᠪᠦᠯᠦᠭ ᠢ ᠣᠷᠣᠭᠤᠯᠵᠤ᠂ ᠨᠢᠭᠡ ᠪᠦᠯᠦᠭ ᠢ ᠬᠡᠷᠡᠭᠵᠢᠭᠦᠯᠬᠦ︾ ᠠᠵᠢᠯ ᠤᠨ ᠵᠠᠷᠴᠢᠮ ᠢ ᠪᠠᠷᠢᠮᠲᠠᠯᠠᠬᠤ ᠶᠢᠨ ᠬᠠᠮᠲᠤ᠂ ᠴᠢᠬᠤᠯᠠ ᠶᠡᠭᠡ ᠠᠰᠠᠭᠤᠳᠠᠯ ᠣᠷᠣᠰᠢᠵᠤ ᠪᠠᠶᠢᠬᠤ ᠪᠥᠭᠡᠳ ᠰᠢᠢᠳᠪᠦᠷᠢᠯᠡᠬᠦ ᠶᠢᠨ ᠠᠷᠭ᠎ᠠ ᠦᠭᠡᠢ ᠲᠥᠷᠥᠯ ᠵᠦᠢᠯ ᠤᠨ ᠨᠡᠷ᠎ᠡ ᠶᠢ ᠴᠠᠭ ᠲᠤᠬᠠᠢ ᠳᠤᠨᠢ ᠰᠢᠯᠵᠢᠭᠦᠯᠦᠨ ᠭᠠᠷᠭᠠᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠪᠠ ᠶᠠᠰᠤ ᠴᠢᠨᠠᠷ ᠢ ᠦᠨᠡᠨ ᠬᠦ ᠪᠠᠲᠤᠯᠠᠪᠠ᠃      ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠪᠡᠯᠡ ᠲᠣᠬᠢᠷᠠᠭᠤᠯᠭ᠎ᠠ ᠶᠢ ᠵᠣᠬᠢᠴᠠᠭᠤᠯᠬᠤ ᠲᠣᠭᠲᠠᠴᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠥᠷᠭᠡᠳᠬᠡᠵᠦ᠂ ︽ᠨᠡᠷ᠎ᠡ ᠶᠢᠨ ᠴᠠᠭᠠᠨ ᠲᠠᠩᠰᠠ︾ ᠳᠤ ᠣᠷᠣᠭᠤᠯᠬᠤ ᠪᠠ ᠬᠥᠳᠡᠯᠦᠩᠭᠦᠢ ᠬᠠᠮᠢᠶᠠᠷᠤᠯᠲᠠ ᠶᠢ ᠦᠷᠭᠦᠯᠵᠢᠯᠡᠨ ᠰᠠᠶᠢᠲᠤᠷ ᠬᠢᠵᠦ᠂ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠰᠠᠭᠤᠳᠠᠯ ᠤᠨ ᠬᠤᠷᠠᠯ᠂ ᠪᠠᠩᠬᠢ ᠠᠵᠤ ᠠᠬᠤᠶᠢᠯᠠᠯ ᠢ ᠰᠤᠷᠪᠤᠯᠵᠢᠯᠠᠬᠤ ᠠᠵᠢᠯᠯᠠᠭ᠎ᠠ ᠵᠡᠷᠭᠡ ᠣᠯᠠᠨ ᠵᠦᠢᠯ ᠤᠨ ᠬᠡᠯᠪᠡᠷᠢ ᠶᠢ ᠭᠦᠢᠴᠡᠳ ᠬᠡᠷᠡᠭᠯᠡᠨ᠂ ᠵᠠᠰᠠᠭ ᠪᠠᠩᠬᠢ ᠠᠵᠤ ᠠᠬᠤᠶᠢᠯᠠᠯ ᠤᠨ ᠳᠥᠭᠦᠮ ᠳᠥᠲᠡ ᠥᠨᠳᠥᠷ ᠪᠦᠲᠦᠮᠵᠢᠲᠡᠶ ᠵᠣᠯᠭᠠᠭᠤᠯᠬᠤ ᠲᠠᠪᠴᠠᠩ ᠢ ᠪᠠᠶᠢᠩᠭᠤ ᠪᠠᠶᠢᠭᠤᠯᠵᠤ᠂ ᠪᠠᠩᠬᠢ ᠠᠵᠤ ᠠᠬᠤᠶᠢᠯᠠᠯ ᠤᠨ ᠢᠲᠡᠭᠡᠯᠴᠡᠭᠡ ᠶᠢ ᠨᠡᠮᠡᠭᠳᠡᠭᠦᠯᠦᠨ᠂ ᠬᠠᠮᠢᠶ᠎ᠠ ᠪᠦᠬᠦᠢ ᠠᠵᠢᠯ ᠢ ᠥᠨᠳᠥᠷ ᠪᠦᠲᠦᠮᠵᠢᠲᠡᠶ ᠪᠠᠷ ᠵᠣᠬᠢᠴᠠᠭᠤᠯᠤᠨ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠭᠤᠭᠴᠤᠭ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠠᠵᠢᠯ ᠢᠶᠠᠨ ᠯᠠᠪᠳᠠᠭᠤᠨ ᠪᠠᠲᠤᠲᠠᠢ ᠠᠬᠢᠭᠤᠯᠬᠤ ᠶᠢᠨ ᠬᠠᠮᠲᠤ᠂ ᠪᠡᠯᠡ ᠲᠣᠬᠢᠷᠠᠭᠤᠯᠭ᠎ᠠ ᠶᠢᠨ ᠪᠡᠯᠡ ᠮᠥᠩᠭᠦ ᠶᠢ ᠨᠢᠭᠡᠨᠲᠡ ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠳᠠᠬᠢ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ︽ᠲᠠᠯᠪᠢᠬᠤ᠂ ᠬᠡᠷᠡᠭᠯᠡᠬᠦ᠂ ᠪᠤᠴᠠᠭᠠᠬᠤ︾ ᠪᠢᠲᠡᠭᠦᠦ ᠬᠠᠮᠢᠶᠠᠷᠤᠯᠲᠠ ᠶᠢ ᠪᠣᠶ ᠪᠣᠯᠭᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠂ ᠵᠣᠬᠢᠴᠠᠭᠤᠯᠬᠤ ᠲᠣᠭᠲᠠᠴᠠ ᠶᠢᠨ ᠬᠠᠮᠢᠶ᠎ᠠ ᠪᠦᠬᠦᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠮᠠᠨ ᠤ ᠬᠤᠲᠠ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ