ᠪᠣᠣ ᠭᠠᠩ ᠾᠧ ᠬᠠᠢ ᠳ᠋ᠦᠩ ᠪᠠᠢ ᠳ᠋ᠦ᠋ ᠺᠣᠮᠫᠠᠨᠢ ᠳᠤ ᠠᠶᠢᠯᠴᠢᠯᠠᠨ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/4/24
      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠨᠠᠷ ᠪᠠᠢ ᠳ᠋ᠦ᠋ ᠺᠣᠮᠫᠠᠨᠢ ᠳᠤ ᠠᠶᠢᠯᠴᠢᠯᠠᠨ ᠰᠤᠷᠪᠤᠯᠵᠢᠯᠠᠵᠤ᠂ ᠳᠡᠳ᠋ ᠶᠡᠷᠦᠩᠬᠡᠢ ᠵᠠᠬᠢᠷᠤᠯ ᠰᠢᠶᠧ ᠭᠤᠸᠠᠩ ᠵᠢᠶᠦ᠋ᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠪᠠᠢ ᠳ᠋ᠦ᠋ ᠺᠣᠮᠫᠠᠨᠢ ᠳᠤ᠂ ᠪᠣᠣ ᠭᠠᠩ ᠨᠠᠷ ᠠᠵᠤ ᠠᠬᠤᠶᠢᠯᠠᠯ ᠤᠨ ᠦᠵᠡᠭᠦᠯᠦᠯᠭᠡ ᠶᠢᠨ ᠲᠢᠩᠬᠢᠮ ᠳᠤ ᠬᠦᠷᠴᠦ᠂ ᠬᠢᠮᠡᠯ ᠣᠶᠣᠨ ᠤ ᠰᠢᠨ᠎ᠡ ᠡᠭᠦᠳᠦᠯᠲᠡ ᠶᠢᠨ ᠪᠦᠲᠦᠭᠡᠭᠳᠡᠬᠦᠨ ᠤ ᠦᠵᠡᠭᠦᠯᠦᠯᠭᠡ ᠶᠢ ᠨᠠᠷᠢᠨ ᠬᠢᠨᠠᠮᠠᠭᠠᠢ ᠰᠣᠨᠢᠷᠬᠠᠵᠤ᠂ ᠪᠠᠢ ᠳ᠋ᠦ᠋ ᠶᠢᠨ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠡᠵᠡᠩᠨᠡᠯᠲᠡ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃      ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠠᠴᠠ ᠮᠠᠨ ᠤ ᠬᠤᠳᠠ ᠶᠢᠨ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢᠨ ᠰᠠᠭᠤᠷᠢ᠂ ᠬᠠᠷᠢᠴᠠᠩᠭᠤᠢ ᠳᠠᠪᠠᠭᠤᠯᠢᠭ ᠵᠢᠴᠢ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠰᠡᠳᠬᠢᠴᠡ ᠶᠢ ᠲᠠᠨᠢᠯᠴᠠᠭᠤᠯᠪᠠ᠃ ᠲᠡᠷᠡ‌‍ᠬᠡᠯᠡᠬᠦ ᠳᠡᠭᠡᠨ᠂ ᠬᠢᠮᠡᠯ ᠤᠶᠤᠨ ᠪᠣᠯ ᠰᠢᠨ᠎ᠡ ᠨᠢᠭᠡ ᠡᠭᠡᠯᠵᠢ ᠶᠢᠨ ᠠᠵᠤ ᠦᠢᠯᠡᠰ ᠤᠨ ᠬᠤᠪᠢᠰᠤᠯᠲᠠ ᠶᠢᠨ ᠴᠢᠬᠤᠯᠠ ᠬᠥᠳᠡᠯᠭᠡᠬᠦ ᠬᠦᠴᠦᠨ ᠮᠥᠨ᠂ ᠣᠳᠣᠬᠠᠨ ᠳᠤ ᠬᠥᠬᠡᠬᠤᠲᠠ ᠶᠢᠨ ᠬᠢᠨ ᠣᠶᠣᠨᠴᠢ ᠪᠣᠳᠣᠯᠭ᠎ᠠ ᠬᠡᠳᠤ ᠪᠣᠳᠣᠯᠭ᠎ᠠ᠂ ᠬᠢᠮᠡᠯ ᠣᠶᠣᠨ ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠠᠶᠢᠷᠢᠰᠢᠯᠠᠭᠤᠯᠤᠯᠲᠠ ᠶᠢ ᠲᠦᠷᠭᠡᠳᠬᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠦᠬᠦ ᠬᠦᠴᠦᠨ ᠢᠶᠠᠷ ᠢᠶᠠᠨ ᠪᠣᠶᠢᠵᠢᠭᠤᠯᠤᠨ ᠪᠤᠵᠠᠭᠠᠶᠢᠷᠠᠭᠤᠯᠵᠤ ᠪᠠᠶᠢᠨ᠎ᠠ᠃ ᠪᠠᠢ ᠳ᠋ᠦ᠋ ᠪᠣᠯ AI ᠠᠵᠢᠯ ᠲᠦᠷᠦᠯ ᠤᠨ ᠲᠡᠷᠢᠭᠦᠨ ᠤ ᠲᠣᠯᠣᠭᠠᠶᠢᠯᠠᠭᠴᠢ ᠠᠵᠤ ᠠᠬᠤᠶᠢᠯᠠᠯ ᠪᠣᠯᠣᠨ᠎ᠠ᠂ ᠬᠢᠮᠡᠯ ᠤᠶᠤᠨ ᠤ ᠬᠦᠷᠢᠶᠡᠨ ᠳᠠᠬᠢ ᠪᠠᠶᠢᠷᠢᠰᠢᠭᠤᠯᠤᠯᠲᠠ ᠨᠢ ᠡᠷᠲᠡ᠂ ᠬᠥᠭᠵᠢᠯᠲᠡ ᠨᠢ ᠲᠦᠷᠭᠡᠨ᠂ ᠮᠡᠷᠭᠡᠵᠢᠯ ᠤᠨ ᠰᠠᠭᠤᠷᠢ ᠨᠢ ᠵᠤᠵᠠᠭᠠᠨ᠂ ᠬᠤᠶᠠᠷ ᠲᠠᠯ᠎ᠠ ᠪᠠᠷ ᠢᠶᠠᠨ ᠬᠤᠯᠪᠣᠭᠳᠠᠯ ᠪᠦᠬᠦᠢ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠮᠠᠰᠢ ᠶᠡᠭᠡ ᠳᠠᠯᠳᠠ ᠬᠦᠴᠦᠨ ᠲᠠᠢ᠂ ᠰᠠᠷᠠᠭᠤᠯ ᠠᠭᠤᠳᠠᠮ ᠣᠷᠣᠨ ᠵᠠᠢ ᠲᠠᠢ ᠶᠤᠮ᠃ ᠪᠠᠢ ᠳ᠋ᠦ᠋ ᠲᠤᠰᠬᠠᠢ ᠮᠡᠷᠭᠡᠵᠢᠯ ᠤᠨ ᠳᠠᠪᠠᠭᠤᠯᠢᠭ ᠪᠣᠯᠣᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠠᠢ ᠳ᠋ᠦ᠋ ᠣᠶᠤᠨᠲᠤ ᠡᠭᠦᠯᠡᠨ ︵ᠥᠪᠥᠷ ᠮᠣᠩᠭᠤᠯ︶ ᠤ ᠬᠢᠮᠡᠯ ᠣᠶᠣᠨ ᠤ ᠰᠠᠭᠤᠷᠢ ᠲᠤᠭ᠎ᠠ ᠪᠠᠷᠢᠮᠲᠠ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠬᠦ ᠶᠢᠨ ᠬᠠᠮᠲᠤ᠂ ᠲᠤᠭ᠎ᠠ ᠪᠠᠷᠢᠮᠲᠠ ᠶᠢᠨ ᠠᠵᠤ ᠦᠢᠯᠡᠰ᠂ ᠪᠣᠳᠣᠯᠭ᠎ᠠ ᠶᠢᠨ ᠬᠦᠴᠦᠨ ᠤ ᠠᠵᠤ ᠦᠢᠯᠡᠰ ᠪᠠ ᠬᠢᠮᠡᠯ ᠣᠶᠣᠨ ᠵᠡᠷᠭᠡ ᠬᠦᠷᠢᠶᠡᠨ ᠳᠤ ᠮᠠᠨ ᠤ ᠬᠤᠲᠠ ᠯᠤᠭ᠎ᠠ ᠭᠦᠨ ᠲᠠᠰ ᠳᠠᠪᠬᠤᠷᠭ᠎ᠠ ᠠᠴᠠ ᠬᠠᠮᠲᠤᠷᠠᠯᠴᠠᠭ᠎ᠠ ᠥᠷᠨᠢᠭᠦᠯᠵᠦ᠂ ᠨᠠᠩ ᠣᠯᠠᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠥᠬᠡᠬᠤᠲᠠ ᠳᠤ ᠴᠤᠭᠯᠠᠷᠠᠬᠤ ᠶᠢ ᠳᠠᠶᠢᠴᠢᠯᠠᠨ᠂ ᠣᠷᠣᠨ ᠤ ᠲᠥᠪ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠬᠦ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠪᠢᠳᠡ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠨᠡᠩ ᠤᠯᠠᠨ ᠬᠡᠷᠡᠭᠯᠡᠭᠡᠨ ᠤ ᠠᠬᠤᠢ ᠶᠢ ᠨᠡᠭᠡᠭᠡᠵᠦ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠯ ᠤᠨ᠂ ᠳᠡᠯᠡᠬᠡᠶᠢᠵᠢᠭᠰᠡᠨ ᠡᠵᠡᠩᠨᠡᠯᠲᠡ ᠶᠢᠨ ᠣᠷᠴᠢᠨ ᠨᠥᠬᠦᠴᠡᠯ ᠬᠠᠩᠭᠠᠵᠤ᠂ ᠠᠵᠤ ᠠᠬᠤᠶᠢᠯᠠᠯ ᠤᠨ ᠬᠥᠬᠡᠬᠤᠲᠠ ᠳᠤ ᠲᠠᠰᠤᠷᠠᠯᠲᠠ ᠦᠭᠡᠢ ᠰᠢᠯᠢᠳᠡᠭᠵᠢᠨ ᠬᠦᠴᠦᠷᠬᠡᠭᠵᠢᠬᠦ ᠶᠢ ᠳᠡᠮᠵᠢᠨ᠎ᠡ ᠭᠡᠵᠡᠢ᠃      ᠰᠢᠶᠧ ᠭᠤᠸᠠᠩ ᠵᠢᠶᠦ᠋ᠨ ᠠᠴᠠ ᠪᠣᠣ ᠭᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠪᠠᠢ ᠳ᠋ᠦ᠋ ᠺᠣᠮᠫᠠᠨᠢ ᠶᠢᠨ ᠬᠥᠬᠡᠬᠤᠲᠠ ᠳᠠᠬᠢ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠳᠤ ᠲᠠᠯᠠᠷᠬᠠᠬᠤ ᠶᠢᠨ ᠬᠠᠮᠲᠤ ᠠᠵᠤ ᠠᠬᠤᠶᠢᠯᠠᠯ ᠤᠨ ᠲᠤᠬᠠᠶᠢᠯᠠᠭᠰᠠᠨ ᠠᠵᠢᠯ ᠤᠨ ᠬᠠᠪᠲᠠᠭᠠᠢ᠂ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠬᠥᠬᠡᠬᠤᠲᠠ ᠳᠠᠬᠢ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠬᠢᠨ ᠠᠵᠠ ᠲᠣᠬᠢᠶᠠᠯ ᠢ ᠵᠠᠪᠳᠤᠨ ᠠᠳᠬᠤᠬᠤ ᠤᠬᠠᠮᠰᠠᠷ ᠢᠶᠠᠷ ᠴᠢᠩᠭ᠎ᠠ ᠪᠠᠶᠢᠵᠤ᠂ ᠰᠢᠨ᠎ᠡ ᠨᠢᠭᠡ ᠡᠭᠡᠯᠵᠢ ᠶᠢᠨ ᠬᠢᠮᠡᠯ ᠤᠶᠤᠨ ᠤ ᠠᠵᠤ ᠦᠢᠯᠡᠰ ᠤᠨ ᠬᠥᠭᠵᠢᠯᠲᠡ ᠳᠠᠬᠢ ᠪᠠᠷᠠᠭᠠᠯᠬᠢᠯᠠᠯ ᠤᠨ ᠴᠢᠨᠠᠷᠲᠠᠢ ᠪᠠᠶᠢᠷᠢᠰᠢᠭᠤᠯᠤᠯᠲᠠ ᠬᠢᠵᠦ᠂ ᠠᠰᠢᠭᠲᠠᠢ ᠠᠵᠠ ᠲᠣᠬᠢᠶᠠᠯ ᠢ ᠵᠠᠪᠳᠤᠨ ᠡᠵᠡᠯᠡᠵᠡᠢ᠃ ᠪᠠᠢ ᠳ᠋ᠦ᠋ ᠬᠥᠬᠡᠬᠤᠲᠠ ᠶᠢᠨ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠠᠢ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠷᠣᠨ ᠤ ᠲᠥᠪ ᠤᠨ ᠠᠵᠤ ᠦᠢᠯᠡᠰ᠂ ᠪᠣᠳᠣᠯᠭ᠎ᠠ᠂ ᠬᠡᠷᠡᠭᠯᠡᠭᠡᠨ ᠤ ᠠᠬᠤᠢ ᠪᠠᠶᠠᠯᠢᠭ ᠵᠡᠷᠭᠡ ᠳᠠᠪᠠᠭᠤᠯᠢᠭ ᠢ ᠭᠦᠢᠴᠡᠳ ᠠᠰᠢᠭᠯᠠᠨ᠂ ᠬᠥᠬᠡᠬᠤᠲᠠ ᠳᠤ ᠬᠠᠮᠢᠶ᠎ᠠ ᠪᠦᠬᠦᠢ ᠲᠦᠷᠦᠯ ᠵᠦᠢᠯ ᠢ ᠪᠠᠶᠢᠷᠢᠯᠠᠭᠤᠯᠬᠤ ᠪᠠᠨ ᠲᠦᠷᠭᠡᠳᠬᠡᠵᠦ᠂ ᠨᠡᠩ ᠤᠯᠠᠨ ᠰᠢᠨ᠎ᠡ ᠶᠢ ᠡᠭᠦᠳᠦᠭᠰᠡᠨ ᠡᠬᠢ ᠪᠠᠶᠠᠯᠢᠭ ᠂ ᠰᠢᠨ᠎ᠡ ᠶᠢ ᠡᠭᠦᠳᠦᠭᠰᠡᠨ ᠮᠡᠷᠭᠡᠵᠢᠯ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠥᠬᠡᠬᠤᠲᠠ ᠳᠤ ᠨᠠᠶᠢᠳᠠᠪᠤᠷᠢᠵᠢᠭᠤᠯᠤᠨ᠂ ᠬᠢᠮᠡᠯ ᠣᠶᠣᠨ ᠤ ᠠᠵᠤ ᠦᠢᠯᠡᠰ ᠤᠨ ᠪᠥᠭᠡᠮᠨᠡᠷᠡᠯ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ᠣᠷᠣᠨ ᠤ ᠲᠥᠪ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠬᠤ ᠲᠠᠯ᠎ᠠ ᠪᠠᠷ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠵᠦ ᠵᠢᠶᠠᠨ ᠭᠦᠸᠧ ᠵᠢᠴᠢ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ