ᠾᠧ ᠬᠠᠢ ᠳ᠋ᠦᠩ ᠱᠠᠩᠬᠠᠢ ᠬᠤᠲᠠ ᠳᠤ ᠬᠦᠷᠴᠦ ᠶᠤᠸᠠᠢ ᠰᠢᠩ ᠪᠦᠯᠦᠭᠯᠡᠯ  ᠢ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/4/25
       ︵ᠰᠤᠷᠪᠤᠯᠵᠢᠯᠠᠭᠴᠢ ᠯᠢᠶᠠᠩ ᠵᠢᠩ ᠱᠤ᠋︶ 4 ᠳ᠋ᠦ᠋ᠭᠡᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠨᠠᠷ ᠱᠠᠩᠬᠠᠢ ᠬᠤᠲᠠ ᠳᠤ ᠬᠦᠷᠴᠦ ᠶᠤᠸᠠᠢ ᠰᠢᠩ ᠪᠦᠯᠦᠭᠯᠡᠯ ᠢ ᠰᠤᠷᠪᠤᠯᠵᠢᠯᠠᠵᠤ᠂ ᠶᠤᠸᠠᠢ ᠰᠢᠩ ᠬᠤᠸᠠᠨ ᠴᠢᠦ ᠭᠠᠩ ᠤᠨ ᠬᠤᠲᠠ ᠶᠢᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠢ ᠰᠢᠨᠵᠢᠯᠡᠨ ᠪᠠᠶᠢᠴᠠᠭᠠᠵᠤ᠂ ᠶᠤᠸᠠᠢ ᠰᠢᠩ ᠪᠦᠯᠦᠭᠯᠡᠯ ᠤᠨ ᠬᠡᠷᠡᠭ ᠮᠡᠳᠡᠭᠴᠢ᠂ ᠭᠦᠢᠴᠡᠳᠬᠡᠬᠦ ᠶᠡᠷᠦᠩᠬᠡᠢ ᠵᠠᠬᠢᠷᠤᠭᠴᠢ ᠳ᠋ᠢᠩ ᠽᠦᠸᠧ ᠶᠦᠩ ᠲᠠᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠢ ᠶᠠᠷᠢᠯᠴᠠᠵᠤ ᠰᠣᠯᠢᠯᠴᠠᠪᠠ᠃       ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠮᠠᠨ ᠤ ᠬᠤᠲᠠ ᠶᠢᠨ ᠣᠶᠢᠷ᠎ᠠ ᠶᠢᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠶᠤᠸᠠᠢ ᠰᠢᠩ ᠪᠦᠯᠦᠭᠯᠡᠯ ᠤᠨ ᠵᠢᠷᠤᠭ ᠲᠥᠯᠥᠪᠯᠡᠭᠡ ᠶᠢᠨ ᠣᠶᠢᠯᠠᠭᠠᠭᠳᠠᠬᠤᠨ᠂ ᠬᠤᠳᠠᠯᠳᠤᠭᠠᠨ ᠤ ᠪᠠᠶᠢᠷᠢᠰᠢᠭᠤᠯᠤᠯᠲᠠ᠂ ᠡᠵᠡᠩᠨᠡᠯᠲᠡ ᠶᠢᠨ ᠬᠡᠯᠪᠡᠷᠢ ᠪᠠᠶᠢᠳᠠᠯ ᠨᠢ ᠠᠵᠢᠯ ᠲᠥᠷᠥᠯ ᠤᠨ ᠬᠢᠨ ᠤ ᠬᠡᠪ ᠳᠠᠭᠤᠷᠢᠶᠠᠯ ᠤᠨ ᠬᠢᠷᠢ ᠲᠦᠪᠰᠢᠨ ᠳᠤ ᠬᠦᠷᠴᠦ᠂ ᠬᠥᠬᠡᠬᠤᠲᠠ ᠲᠠᠢ ᠮᠠᠰᠢ ᠣᠯᠠᠨ ᠬᠠᠮᠲᠤᠷᠠᠯᠴᠠᠭᠠᠨ ᠤ ᠲᠠᠭᠠᠷᠠᠯᠴᠠᠬᠤ ᠴᠡᠭ ᠲᠠᠢ᠃ ᠠᠵᠤ ᠠᠬᠤᠶᠢᠯᠠᠯ ᠤᠨ ᠬᠢᠨ ᠬᠥᠬᠡᠬᠤᠲᠠ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠵᠤ᠂ ᠬᠤᠳᠠ ᠶᠢᠨ ᠬᠤᠳᠠᠯᠳᠤᠭᠠᠨ ᠤ ᠰᠢᠨ᠎ᠡ  ᠭᠠᠵᠠᠷ ᠤᠨ ᠲᠡᠮᠳᠡᠭ ᠢ ᠡᠭᠦᠳᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠮᠲᠤᠷᠠᠯᠴᠠᠭᠠᠨ ᠤ ᠵᠥᠪᠯᠡᠯᠴᠡᠭᠡᠷ ᠲᠤ ᠰᠡᠳᠬᠢᠯ ᠨᠢᠭᠡᠳᠭᠡᠨ᠎ᠡ ᠭᠡᠪᠡ᠃       ᠳ᠋ᠢᠩ ᠽᠦᠸᠧ ᠶᠦᠩ ᠾᠧ ᠬᠠᠢ ᠳ᠋ᠦᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠪᠦᠯᠦᠭᠯᠡᠯ ᠤᠨ ᠬᠥᠭᠵᠢᠯᠲᠡ ᠶᠢᠨ ᠲᠡᠦᠬᠡ᠂ ᠠᠵᠤ ᠦᠢᠯᠡᠰ ᠤᠨ ᠪᠠᠶᠢᠷᠢᠰᠢᠭᠤᠯᠤᠯᠲᠠ᠂ ᠪᠦᠲᠦᠭᠡᠨ ᠪᠠᠶᠢᠭᠤᠯᠤᠯᠲᠠ ᠡᠵᠡᠩᠨᠡᠯᠲᠡ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠳᠠᠪᠠᠭᠤᠯᠢᠭ ᠪᠠᠶᠢᠵᠤ᠂ ᠬᠥᠭᠵᠢᠯᠲᠡ ᠶᠢᠨ ᠰᠠᠭᠤᠷᠢ ᠪᠠ ᠬᠥᠭᠵᠢᠯᠲᠡ ᠶᠢᠨ ᠳᠠᠯᠳᠠ ᠬᠦᠴᠦᠨ ᠢᠶᠠᠷ ᠰᠠᠶᠢᠨ ᠪᠠᠶᠢᠨ᠎ᠠ᠃ ᠶᠤᠸᠠᠢ ᠰᠢᠩ ᠪᠦᠯᠦᠭᠯᠡᠯ ᠤᠨ ᠬᠢᠨ ᠤᠯᠠᠮ ᠴᠢᠨᠠᠭᠰᠢᠳᠠ ᠭᠦᠨᠵᠡᠭᠡᠢ ᠰᠢᠨᠵᠢᠯᠡᠨ ᠪᠠᠶᠢᠴᠠᠭᠠᠵᠤ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠲᠤᠷᠰᠢᠯᠭ᠎ᠠ ᠬᠢᠳᠡᠯ ᠢ ᠬᠥᠬᠡᠬᠤᠲᠠ ᠳᠤ ᠲᠦᠷᠭᠡᠨ ᠠᠪᠴᠢᠷᠠᠵᠤ᠂ ᠬᠠᠮᠲᠤᠪᠠᠷ ᠠᠰᠢᠭ ᠬᠦᠷᠲᠡᠨ ᠬᠦᠭᠵᠢᠬᠦ ᠶᠢ  ᠪᠡᠶᠡᠯᠡᠭᠦᠯᠦᠨ᠎ᠡ ᠭᠡᠪᠡ᠃       ᠬᠤᠳᠠ ᠶᠢᠨ ᠤᠳᠤᠷᠢᠳᠤᠯᠭ᠎ᠠ ᠵᠦ ᠵᠢᠶᠠᠨ ᠭᠦᠸᠧ ᠵᠢᠴᠢ ᠮᠠᠨ ᠤ ᠬᠤᠳᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ