︵ᠰᠤᠷᠪᠤᠯᠵᠢᠯᠠᠭᠴᠢ ᠰᠥᠩ ᠰᠢᠶᠠᠩ ᠬᠤᠸᠠ︶ ᠲᠦᠷᠦᠭᠦᠬᠡᠨ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠬᠥᠬᠡᠬᠤᠲᠠ ᠶᠢᠨ ᠠᠮᠤ | ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ ᠳᠤ ᠪᠥᠬᠦ ᠬᠤᠲᠠ ᠶᠢᠨ ᠠᠩᠬᠠᠳᠠᠭᠴᠢ ᠳᠦᠷᠢᠮ ᠤᠨ ᠥᠭᠡᠷᠡᠴᠢᠯᠡᠯᠲᠡ ᠬᠢᠭᠰᠡᠨ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠡᠷᠬᠡᠲᠦ ᠬᠥᠮᠥᠨ ᠤ ᠨᠡᠷᠡᠶᠢᠳᠦᠯ ᠢ ᠬᠤᠪᠢᠷᠠᠭᠤᠯᠬᠤ ᠳᠠᠩᠰᠠᠯᠠᠯᠲᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠡᠢ᠃ ᠡᠨᠡ ᠪᠣᠯ ︽ᠤᠯᠤᠰ ᠤᠨ ᠥᠮᠴᠢᠯᠡᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠶᠢ ᠤᠷᠢᠳᠴᠢᠯᠠᠨ ᠮᠡᠳᠡᠭᠳᠡᠬᠦ ᠳᠠᠩᠰᠠᠯᠠᠯᠲᠠ︾ ᠶᠢᠨ ᠲᠤᠬᠠᠶᠢᠯᠠᠭᠰᠠᠨ ᠠᠵᠢᠯ ᠢ | ᠭᠦᠢᠴᠡᠳᠬᠡᠭᠰᠡᠨ ᠤ ᠳᠠᠷᠠᠭᠠᠬᠢ ᠪᠠᠰᠠ ᠨᠢᠭᠡᠨ ᠣᠯᠠᠨ ᠵᠢᠯ ᠤᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠳᠤ ᠬᠤᠯᠪᠣᠭᠳᠠᠬᠤ ᠳᠠᠩᠰᠠᠯᠠᠯᠲᠠ ᠶᠢᠨ ᠴᠤᠪᠤᠷᠠᠯ ᠳᠤ | ᠰᠢᠨ᠎ᠡ ᠶᠢ ᠡᠭᠦᠳᠴᠦ ᠠᠮᠵᠢᠯᠲᠠ ᠣᠯᠣᠭᠰᠠᠨ ᠶᠠᠪᠤᠳᠠᠯ ᠪᠣᠯᠣᠨ᠎ᠠ᠃ | ᠠᠵᠤ ᠠᠬᠤᠶᠢᠯᠠᠯ ᠤᠨ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠪᠠᠨ ᠠᠮᠢᠳᠤᠯᠢᠭ ᠢᠶᠠᠷ ᠠᠰᠢᠭᠯᠠᠬᠤ ᠶᠢ ᠵᠣᠷᠢᠭᠵᠢᠭᠤᠯᠬᠤ ᠶᠢᠨ | ᠲᠥᠯᠥᠭᠡ᠂ ᠣᠶᠢᠷ᠎ᠠ ᠶᠢᠨ ᠵᠢᠯ ᠤᠳ ᠲᠤ᠂ ᠬᠤᠲᠠ ᠶᠢᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠲᠥᠷᠥ ᠶᠢᠨ ᠪᠣᠳᠣᠯᠭ᠎ᠠ ᠶᠢᠨ ᠴᠤᠪᠤᠷᠠᠯ ᠤᠨ ᠪᠡᠷᠬᠡ | ᠰᠡᠳᠦᠪ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠵᠢᠯᠣᠭᠤᠳᠤᠨ᠂ ᠰᠢᠯᠵᠢᠭᠦᠯᠦᠨ ᠥᠭᠭᠦᠭᠴᠢ ᠪᠠ | ᠰᠢᠯᠵᠢᠭᠦᠯᠦᠨ ᠠᠪᠤᠭᠴᠢ ᠶᠢᠨ ᠭᠠᠷ ᠤᠨ ᠥᠰᠥᠭ ᠵᠢᠷᠤᠭᠰᠠᠨ ︽ᠤᠷᠢᠳᠴᠢᠯᠠᠨ ᠮᠡᠳᠡᠭᠳᠡᠬᠦ ᠳᠠᠩᠰᠠᠯᠠᠯᠲᠠ ᠶᠢᠨ ᠪᠣᠯᠵᠣᠨ ᠲᠣᠭᠲᠠᠭᠰᠠᠨ ᠪᠢᠴᠢᠭ︾ ᠢ ᠲᠣᠭᠲᠠᠭᠠᠵᠤ᠂ | ᠳᠠᠩᠰᠠᠯᠠᠯᠲᠠ ᠶᠢᠨ ᠴᠤᠪᠤᠷᠠᠯ ᠢ ᠲᠥᠯᠥᠪᠯᠡᠨ ᠰᠢᠯᠢᠳᠡᠭᠵᠢᠭᠦᠯᠵᠦ᠂ ᠨᠢᠭᠡ ᠯᠡ ᠤᠳᠠᠭ᠎ᠠ ᠳᠡᠭᠡᠷ᠎ᠡ ᠲᠦᠭᠵᠢᠷᠡᠯ ᠢ ᠨᠡᠪᠲᠡᠷᠡᠭᠦᠯᠦᠭᠰᠡᠨ ᠤ ᠬᠠᠮᠲᠤ 2022 ᠣᠨ ᠤ 8 ᠳ᠋ᠤᠭᠠᠷ | ᠰᠠᠷ᠎ᠠ ᠶᠢᠨ 18 ᠤ ᠡᠳᠦᠷ ᠪᠥᠬᠦ ᠣᠷᠣᠨ ᠤ ᠠᠩᠬᠠᠳᠠᠭᠴᠢ ︽ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠰᠢᠯᠵᠢᠭᠦᠯᠬᠦ ᠶᠢ ᠤᠷᠢᠳᠴᠢᠯᠠᠨ ᠮᠡᠳᠡᠭᠳᠡᠬᠦ ᠳᠠᠩᠰᠠᠯᠠᠯᠲᠠ︾ ᠶᠢᠨ ᠲᠤᠬᠠᠶᠢᠯᠠᠭᠰᠠᠨ ᠠᠵᠢᠯ ᠢ ᠠᠮᠵᠢᠯᠲᠠᠲᠠᠢ ᠭᠦᠢᠴᠡᠳᠬᠡᠭᠰᠡᠨ ᠪᠠᠶᠢᠨ᠎ᠠ᠃ | ᠠᠵᠤ ᠠᠬᠤᠶᠢᠯᠠᠯ ᠤᠨ ᠳᠠᠩᠰᠠᠯᠠᠯᠲᠠ ᠳᠤ ᠬᠤᠯᠪᠣᠭᠳᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠠᠶᠢᠭ᠎ᠠ ᠬᠤᠭᠤᠴᠠᠭᠠᠨ ᠳᠤ᠂ ᠬᠤᠲᠠ ᠶᠢᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠺᠣᠮᠫᠠᠨᠢ ᠶᠢᠨ ᠳᠦᠷᠢᠮᠲᠦ ᠪᠠᠶᠢᠭᠤᠯᠤᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ ᠪᠠᠶᠢᠭ᠎ᠠ ᠬᠡᠰᠡᠭ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠴᠠᠭ ᠨᠢ ᠣᠷᠳᠣ᠂ ᠶᠠᠪᠤᠴᠠ ᠨᠢ ᠪᠤᠳᠤᠯᠢᠶᠠᠨᠲᠠᠢ᠂ ᠡᠷᠬᠡ ᠶᠢᠨ ᠪᠡᠶᠡᠴᠢ ᠴᠣᠭᠴᠠ ᠶᠢᠨ ᠨᠡᠷᠡᠶᠢᠳᠦᠯ ᠤᠨ ᠬᠤᠪᠢᠷᠠᠯᠲᠠ | ᠨᠢ ᠣᠯᠠᠰᠢᠷᠠᠭᠰᠠᠨ ᠠᠴᠠ ᠪᠣᠯᠵᠤ᠂ ᠪᠠᠶᠢᠭᠤᠯᠤᠯ ᠤᠨ ᠥᠭᠡᠷᠡᠴᠢᠯᠡᠯᠲᠡ ᠠᠴᠠ ᠡᠮᠦᠨ᠎ᠡ ᠠᠵᠤ ᠠᠬᠤᠶᠢᠯᠠᠯ ᠤᠨ ᠡᠵᠡᠮᠰᠢᠵᠦ ᠪᠠᠶᠢᠭᠰᠠᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ | ᠦᠨᠡᠮᠯᠡᠯ ᠢ ᠬᠤᠪᠢᠷᠠᠭᠤᠯᠬᠤ ᠳᠠᠩᠰᠠᠯᠠᠯᠲᠠ ᠶᠢ ᠤᠷᠤᠭᠰᠢᠲᠠᠢ ᠪᠡᠶᠡᠯᠡᠭᠦᠯᠬᠦ ᠶᠢᠨ ᠠᠷᠭ᠎ᠠ ᠦᠭᠡᠢ ᠪᠣᠯᠵᠤ᠂ ᠪᠠᠶᠢᠭᠤᠯᠤᠯ ᠤᠨ ᠥᠭᠡᠷᠡᠴᠢᠯᠡᠯᠲᠡ ᠶᠢᠨ ᠳᠠᠷᠠᠭ᠎ᠠ᠂ ᠠᠵᠤ ᠠᠬᠤᠶᠢᠯᠠᠯ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠠᠷᠭ᠎ᠠ ᠦᠭᠡᠢ ᠪᠣᠯᠤᠭᠰᠠᠨ ᠢ ᠣᠯᠵᠤ ᠮᠠᠲᠠᠵᠠᠢ᠃ ᠳᠡᠭᠡᠷᠡᠬᠢ ᠪᠠᠶᠢᠳᠠᠯ ᠳᠤ ᠴᠢᠭᠯᠡᠭᠦᠯᠦᠨ᠂ ᠬᠤᠲᠠ ᠶᠢᠨ ᠥᠯᠥ ᠬᠥᠳᠡᠯᠬᠦ | ᠬᠥᠷᠥᠩᠭᠡ ᠶᠢ ᠳᠠᠩᠰᠠᠯᠠᠬᠤ ᠲᠥᠪ ᠠᠴᠠ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠢ ᠵᠣᠬᠢᠴᠠᠭᠤᠯᠵᠤ᠂ ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠠᠮᠢᠳᠤᠯᠢᠭ | ᠠᠰᠢᠭᠯᠠᠬᠤ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ ᠮᠡᠳᠡᠭᠳᠡᠯ︾ ᠤᠨ ᠵᠣᠷᠢᠭ ᠰᠠᠨᠠᠭ᠎ᠠ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠬᠥᠬᠡᠬᠤᠲᠠ ᠶᠢᠨ ᠠᠮᠤ | ᠪᠤᠳᠠᠭ᠎ᠠ ᠬᠤᠳᠠᠯᠳᠤᠨ ᠠᠪᠴᠤ ᠨᠥᠭᠡᠴᠡᠯᠡᠬᠦ ᠬᠢᠵᠠᠭᠠᠷᠲᠤ ᠺᠣᠮᠫᠠᠨᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠶᠠᠪᠤᠴᠠ ᠶᠢ ᠪᠦᠬᠦ ᠲᠠᠯ᠎ᠠ ᠪᠠᠷ ᠡᠮᠬᠢᠯᠡᠵᠦ᠂ ᠠᠵᠤ ᠠᠬᠤᠶᠢᠯᠠᠯ ᠤᠨ | ᠦᠨᠡᠮᠯᠡᠯ ᠠᠪᠬᠤ ᠴᠢᠬᠤᠯᠠ ᠨᠥᠬᠦᠴᠡᠯ ᠤᠨ ᠮᠠᠲ᠋ᠧᠷᠢᠶᠠᠯ ᠢ ᠳᠥᠭᠦᠮᠴᠢᠯᠡᠵᠦ᠂ ᠠᠵᠤ ᠠᠬᠤᠶᠢᠯᠠᠯ ᠤᠨ ᠬᠡᠷᠡᠭᠯᠡᠬᠦ ᠭᠠᠵᠠᠷ ᠤᠨ ᠣᠳᠣᠬᠢ ᠪᠠᠶᠢᠳᠠᠯ ᠤᠨ ᠵᠠᠭᠠᠭ ᠱᠤᠭᠤᠮ ᠢ ᠤᠷᠢᠳᠠᠪᠠᠷ | ᠬᠢᠨᠠᠨ ᠬᠠᠷᠭᠤᠭᠤᠯᠵᠤ᠂ ᠠᠵᠤ ᠠᠬᠤᠶᠢᠯᠠᠯ ᠠᠴᠠ ᠡᠷᠬᠡᠲᠦ ᠬᠥᠮᠥᠨ ᠤ ᠳᠠᠩᠰᠠᠯᠠᠯᠲᠠ ᠶᠢ ᠬᠤᠪᠢᠷᠠᠭᠤᠯᠬᠤ ᠭᠠᠷ ᠭᠦᠢᠴᠡᠳᠬᠡᠯ ᠢ ᠰᠢᠭᠤᠳ ᠬᠢᠵᠦ ᠪᠣᠯᠬᠤ ᠪᠣᠯᠭᠠᠵᠤ᠂ | ᠥᠩᠭᠡᠷᠡᠭᠰᠡᠨ ᠳᠤ ᠤᠯᠠᠨ ᠰᠠᠯᠠᠭ᠎ᠠ ᠮᠥᠴᠢᠷ ᠠᠴᠠ ᠡᠳ᠋ ᠬᠥᠷᠥᠩᠭᠡ ᠶᠢ ᠬᠤᠪᠢᠶᠠᠷᠢᠯᠠᠨ ᠰᠢᠯᠵᠢᠭᠦᠯᠬᠦ ᠶᠠᠪᠤᠴᠠ ᠶᠢ ᠭᠡᠷᠡᠴᠢᠯᠡᠬᠦ ᠴᠢᠬᠤᠯᠠᠲᠠᠢ ᠪᠠᠶᠢᠭᠰᠠᠨ ᠢᠯᠡᠭᠦᠴᠡ ᠲᠡᠰ ᠳᠠᠷᠠᠭᠠᠯᠠᠯ ᠢ | ᠲᠠᠶᠠᠭᠳᠠᠵᠤ᠂ ᠠᠵᠤ ᠠᠬᠤᠶᠢᠯᠠᠯ ᠢ ᠠᠷᠪᠠ ᠭᠠᠷᠤᠢ ᠵᠢᠯ ᠭᠠᠴᠢᠭᠳᠠᠭᠤᠯᠵᠤ ᠪᠠᠶᠢᠭᠰᠠᠨ ᠥᠮᠴᠢᠯᠡᠯ ᠤᠨ ᠡᠷᠬᠡ ᠶᠢ ᠳᠠᠩᠰᠠᠯᠠᠬᠤ ᠠᠰᠠᠭᠤᠳᠠᠯ ᠢ ᠨᠢᠭᠡ ᠯᠡ ᠳᠡᠭᠡᠷ᠎ᠡ ᠰᠢᠢᠳᠪᠦᠷᠢᠯᠡᠵᠦ᠂ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠮᠤᠷ ᠲᠦᠪᠰᠢᠨ ᠵᠢᠴᠢ ᠥᠮᠴᠢᠯᠡᠯ ᠤᠨ ᠡᠷᠬᠡ ᠶᠢ ᠲᠣᠳᠣᠷᠬᠠᠢ ᠪᠣᠯᠭᠠᠬᠤ ᠶᠢ ᠪᠠᠲᠤᠯᠠᠭᠰᠠᠨ ᠤᠷᠢᠲᠠᠯ ᠳᠣᠣᠷ᠎ᠠ᠂ ᠭᠦᠢᠴᠡᠳᠬᠡᠬᠦ | ᠴᠤᠪᠤᠷᠠᠯ ᠵᠢᠴᠢ ᠭᠦᠢᠴᠡᠳᠬᠡᠬᠦ ᠴᠠᠭ ᠤᠨ ᠬᠢᠵᠠᠭᠠᠷ ᠢ ᠪᠠᠭᠠᠰᠬᠠᠪᠠ᠃ | |