︵ᠰᠤᠷᠪᠤᠯᠵᠢᠯᠠᠭᠴᠢ ᠶᠦᠨ ᠶᠠᠨ ᠹᠠᠩ︶ ᠡᠨᠡ ᠵᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠵᠢᠱᠢᠯᠲᠡ ᠳᠤ ᠰᠠᠭᠤᠷᠢᠯᠠᠨ᠂ | ᠤᠳᠠᠯ ᠦᠭᠡᠢ ᠬᠦᠷᠴᠦ ᠢᠷᠡᠬᠦ ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡᠢ ᠤᠯᠠᠷᠢᠯ ᠳᠤ ᠵᠥᠭᠡᠭᠡᠪᠦᠷᠢ ᠶᠢᠨ ᠴᠢᠳᠠᠪᠬᠢ ᠶᠢᠨ ᠪᠡᠯᠡᠳᠬᠡᠯ ᠠᠵᠢᠯ ᠢ | ᠭᠦᠢᠴᠡᠳ ᠬᠢᠬᠦ ᠶᠢᠨ ᠲᠦᠯᠦᠭᠡ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠨᠠᠷᠢᠨ ᠨᠢᠮᠪᠠᠢ ᠲᠣᠬᠢᠷᠠᠭᠤᠯᠤᠨ᠂ | ᠵᠢᠭᠤᠯᠴᠢᠯᠠᠯ ᠤᠨ ᠬᠠᠯᠠᠮᠰᠢᠯ ᠭᠠᠵᠠᠷ ᠣᠷᠣᠨ ᠤ ᠵᠥᠭᠡᠭᠡᠪᠦᠷᠢ ᠶᠢᠨ ᠬᠦᠴᠦᠨ ᠴᠢᠳᠠᠪᠬᠢ ᠶᠢ ᠭᠤᠣᠯᠳᠠᠯᠭ᠎ᠠ ᠲᠠᠢ ᠴᠢᠩᠭᠠᠳᠬᠠᠵᠤ᠂ ︽ᠵᠢᠭᠤᠯᠴᠢᠯᠠᠭᠰᠠᠳ ᠢ | ᠥᠪᠥᠷ ᠮᠣᠩᠭᠤᠯ ᠳᠤ ᠲᠠᠲᠠᠬᠤ︾ ᠳᠤ ᠪᠠᠲᠤᠯᠠᠭ᠎ᠠ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠨ ᠨᠡᠮᠡᠷᠢᠯᠡᠪᠡ᠃ | ᠣᠶᠢᠷ᠎ᠠ ᠶᠢᠨ ᠬᠤᠭᠤᠴᠠᠭᠠᠨ ᠳᠤ ᠨᠢᠭᠡᠨᠲᠡ ᠨᠡᠪᠲᠡᠷᠡᠭᠰᠡᠨ ᠬᠥᠬᠡᠬᠤᠲᠠ ᠪᠣᠯᠣᠨ ᠰᠢᠯᠢᠩᠬᠤᠲᠠ ᠶᠢᠨ ᠬᠤᠭᠤᠷᠣᠨᠳᠣᠬᠢ K7920/1᠂ K7922/19 | ᠤᠳᠠᠭ᠎ᠠ ᠶᠢᠨ ᠠᠶᠠᠨᠴᠢᠳ ᠤᠨ ᠭᠠᠯᠲᠤ ᠲᠡᠷᠭᠡ ᠨᠢ ᠬᠥᠬᠡᠬᠤᠲᠠ᠂ ᠬᠥᠬᠡᠬᠤᠲᠠ ᠶᠢᠨ ᠵᠡᠭᠦᠨ᠂ ᠵᠢᠨᠢᠩ ᠤᠨ ᠡᠮᠦᠨ᠎ᠡ᠂ ᠱᠠᠩᠳᠤ᠂ ᠬᠤᠸ᠋ᠨ ᠳ᠋ᠧ᠂ ᠰᠢᠯᠤᠭᠤᠨ | ᠬᠥᠪᠡᠭᠡᠲᠦ ᠴᠠᠭᠠᠨ ᠬᠤᠰᠢᠭᠤ᠂ ᠰᠠᠩ ᠤᠨ ᠳᠠᠯᠠᠢ ︵ᠰᠢᠯᠤᠭᠤᠨ ᠬᠥᠬᠡ ᠬᠤᠰᠢᠭᠤ︶ ᠪᠣᠯᠣᠨ ᠰᠢᠯᠢᠩᠬᠤᠲᠠ ᠵᠡᠷᠭᠡ 8 ᠲᠡᠷᠭᠡᠨ ᠦᠷᠳᠡᠭᠡ ᠪᠠᠷ ᠵᠣᠭᠰᠣᠨ | ᠥᠩᠭᠡᠷᠡᠵᠦ᠂ ᠬᠥᠬᠡᠬᠤᠲᠠ ᠪᠣᠯᠣᠨ ᠰᠢᠯᠢᠩᠬᠤᠲᠠ ᠶᠢᠨ ᠬᠤᠭᠤᠷᠣᠨᠳᠣᠬᠢ ᠠᠶᠠᠨᠴᠢᠳ ᠤᠨ ᠭᠠᠯᠲᠤ ᠲᠡᠷᠭᠡ ᠡᠳᠦᠷ ᠪᠦᠷᠢ 4 ᠬᠤᠣᠰ ᠪᠣᠯᠪᠠ᠃ ᠡᠭᠦᠨ ᠠᠴᠠ | ᠭᠠᠳᠠᠨ᠎ᠠ᠂ ᠰᠢᠯᠢᠩᠬᠤᠲᠠ ᠳ᠋ᠠᠪᠠᠨ ᠤ ᠬᠤᠭᠤᠷᠣᠨᠳᠤ ᠶᠠᠪᠤᠬᠤ K7936/7᠂ K7938/5 ᠤᠳᠠᠭ᠎ᠠ ᠶᠢᠨ ᠠᠶᠠᠨᠴᠢᠳ ᠤᠨ ᠴᠤᠪᠤᠭ᠎ᠠ ᠲᠡᠷᠭᠡ ᠶᠢ | ᠥᠩᠭᠡᠷᠡᠭᠰᠡᠨ ᠤ ᠡᠳᠦᠷ ᠠᠯᠤᠰᠯᠠᠨ ᠶᠠᠪᠤᠭᠤᠯᠵᠤ ᠪᠠᠶᠢᠭᠰᠠᠨ ᠠᠴᠠ ᠡᠳᠦᠷ ᠪᠦᠷᠢ ᠶᠠᠪᠤᠭᠤᠯᠬᠤ ᠪᠣᠯᠭᠠᠨ ᠥᠭᠡᠷᠡᠴᠢᠯᠡᠵᠦ᠂ ᠰᠢᠯᠢᠩᠬᠤᠲᠠ᠂ ᠵᠢᠩᠫᠧᠩ ︵ | ᠬᠡᠰᠢᠭᠲᠡᠨ ᠬᠤᠰᠢᠭᠤ︶᠂ ᠯᠢᠨᠰᠢ ᠪᠣᠯᠣᠨ ᠳ᠋ᠠᠪᠠᠨ ︵ᠪᠠᠭᠠᠷᠢᠨ ᠪᠠᠷᠠᠭᠤᠨ ᠬᠤᠰᠢᠭᠤ︶ ᠵᠡᠷᠭᠡ 4 ᠲᠡᠷᠭᠡᠨ ᠥᠷᠲᠡᠭᠡ ᠪᠠᠷ ᠵᠣᠭᠰᠣᠵᠤ ᠥᠩᠭᠡᠷᠡᠨ᠎ᠡ᠃ | ᠲᠡᠭᠡᠭᠡᠪᠦᠷᠢ ᠶᠢᠨ ᠬᠦᠴᠦᠨ ᠢ ᠰᠢᠨ᠎ᠡ ᠪᠠᠷ ᠨᠡᠮᠡᠭᠳᠡᠭᠦᠯᠦᠭᠰᠡᠨ ᠠᠶᠠᠨᠴᠢᠳ ᠤᠨ ᠭᠠᠯᠲᠤ ᠲᠡᠷᠭᠡ ᠤᠯᠠᠭᠠᠨᠪᠤᠲᠤᠩ ᠤᠨ ᠲᠠᠯ᠎ᠠ ᠨᠤᠲᠤᠭ᠂ ᠬᠡᠰᠢᠭᠲᠡᠨ ᠤ | ᠴᠢᠯᠠᠭᠤᠨ ᠤᠢ᠂ ᠳᠠᠯᠠᠢ ᠨᠠᠭᠤᠷ᠂ ᠰᠢᠯᠢ ᠶᠢᠨ ᠶᠢᠰᠦᠨ ᠮᠤᠷᠤᠢ᠂ ᠪᠡᠶᠢᠰᠡ ᠶᠢᠨ ᠰᠦᠮ᠎ᠡ ᠵᠡᠷᠭᠡ ᠠᠯᠢ ᠤᠯᠠᠨ ᠨᠡᠷᠡᠳᠦ ᠵᠤᠭᠠᠴᠠᠯ ᠤᠨ ᠦᠵᠡᠮᠵᠢ ᠶᠢᠨ | ᠣᠷᠣᠨ ᠢᠶᠠᠷ ᠥᠩᠭᠡᠷᠡᠵᠦ᠂ ᠠᠶᠠᠨᠴᠢᠳ ᠤᠨ ᠲᠠᠯ᠎ᠠ ᠨᠤᠲᠤᠭ ᠢᠶᠠᠷ ᠵᠤᠭᠠᠴᠠᠬᠤ ᠳᠤ ᠨᠡᠩ ᠡᠯᠪᠡᠭ ᠪᠠᠶᠠᠯᠢᠭ ᠵᠤᠭᠠᠴᠠᠯ ᠤᠨ ᠰᠣᠩᠭᠤᠯᠲᠠ ᠬᠠᠩᠭᠠᠭᠰᠠᠨ ᠪᠠᠶᠢᠨ᠎ᠠ᠃ | |