ᠬᠤᠲᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠪᠡ
ᠨᠡᠶᠢᠲᠡᠯᠡᠭᠰᠡᠨ ᠴᠠᠭ᠄
2024/4/26
ᠪᠤᠤ ᠭᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ ᠯᠢ ᠵᠢᠶᠦ᠋ᠩ ᠼᠦᠢ ᠵᠧᠨ ᠦ᠋ ᠤᠷᠤᠯᠴᠠᠪᠠ      ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠷᠢᠳᠠᠪᠠᠷ ᠰᠤᠷᠤᠯᠴᠠᠵᠤ ᠤᠷᠢᠳᠠᠪᠠᠷ ᠬᠢᠵᠦ ᠵᠢᠱᠢᠶ᠎ᠡ ᠦᠵᠡᠭᠦᠯᠦᠨ᠂ ᠪᠦᠬᠦ ᠬᠤᠳᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾  ᠢ ᠨᠠᠷᠢᠨ ᠬᠢᠨᠠᠮᠠᠭᠠᠢ ᠰᠤᠷᠤᠯᠴᠠᠬᠤ ᠶᠢ ᠲᠠᠶᠢᠴᠢᠯᠠᠵᠤ᠂ ᠤᠬᠠᠮᠰᠠᠷ ᠠᠴᠠ ᠪᠠᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ  ᠪᠡᠶᠡᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠤᠤ ᠭᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠪᠠ᠃       ᠨᠣᠮ ᠤᠩᠰᠢᠬᠤ ᠠᠩᠭᠢ ᠨᠢ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠳᠠᠭᠠᠭᠤᠯᠤᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠴᠧᠨ ᠵᠢᠢ ᠴᠢᠩ ᠬᠤᠷᠠᠯ ᠳᠤ ᠣᠷᠣᠯᠴᠠᠭᠰᠠᠨ ᠨᠥᠬᠦᠳ ᠲᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠣᠨᠴᠠᠯᠢᠭ᠂ ᠠᠭᠤᠯᠭ᠎ᠠ ᠵᠡᠷᠭᠡ ᠲᠠᠯ᠎ᠠ ᠪᠠᠷ ᠭᠦᠨᠵᠡᠭᠡᠢ ᠲᠠᠶᠢᠯᠤᠮᠵᠢ ᠬᠢᠪᠡ᠃ ᠬᠤᠲᠠ ᠶᠢᠨ ᠱᠠᠲᠤᠨ ᠤ ᠤᠳᠤᠷᠢᠳᠤᠯᠭ᠎ᠠ ᠪᠣᠯᠣᠨ ᠬᠤᠰᠢᠭᠤ ᠰᠢᠶᠠᠨ ᠲᠣᠭᠤᠷᠢᠭ ᠤᠨ ᠭᠤᠣᠯ ᠤᠳᠤᠷᠢᠳᠬᠤ ᠨᠥᠬᠦᠳ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠲᠥᠪᠯᠡᠷᠡᠨ ᠰᠤᠷᠤᠯᠴᠠᠵᠤ᠂ ᠯᠢ ᠵᠢᠶᠦ᠋ᠨ᠂ ᠴᠢᠶᠣᠤ ᠢᠦᠢ ᡂᠢ ᠲᠣᠰ ᠲᠣᠰ ︽ᠳᠦᠷᠢᠮ︾ ᠢ ᠳᠠᠭᠠᠭᠤᠯᠤᠨ ᠰᠤᠷᠤᠯᠴᠠᠪᠠ᠃ ᠤᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠵᠤ᠂ ᠪᠦᠯᠦᠭ ᠵᠤᠷᠪᠤᠰ ᠳᠠᠷᠠᠭᠠᠯᠠᠨ ᠭᠦᠨᠵᠡᠭᠡᠢ ᠰᠤᠳᠤᠯᠤᠨ ᠨᠠᠷᠢᠨ ᠤᠩᠰᠢᠵᠤ᠂ ᠨᠠᠮ ᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾  ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠵᠦ᠂ ᠯᠢ ᠵᠢᠶᠦ᠋ᠩ᠂ ᠼᠦᠢ ᠵᠧᠨ ᠦ᠋᠂ ᠯᠢ ᠵᠢᠶᠦ᠋ᠨ᠂ ᠴᠢᠶᠣᠤ ᠢᠦᠢ ᡂᠢ᠂ ᠯᠢᠦ ᠵᠢᠢ ᠶᠢᠩ᠂ ᠨᠢᠦ ᠹᠠᠩ ᠽᠧ᠂ ᠵᠤᠤ ᠰᠢ ᠮᠢᠨ᠂ ᠯᠢᠦ ᠵᠠᠨ ᠶᠢᠩ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠲᠣᠭᠤᠷᠢᠨ ᠰᠣᠨᠣᠰᠬᠤ ᠰᠤᠯᠠ ᠰᠣᠨᠣᠰᠬᠤ ᠠᠵᠢᠯ ᠤᠨ ᠳᠤᠭᠤᠶᠢᠯᠠᠩ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠸᠠᠩ ᠬᠤ᠋ ᠨᠥᠬᠦᠷ ᠦᠨᠡᠯᠡᠯᠲᠡ ᠬᠢᠵᠡᠢ᠃       ᠪᠤᠤ ᠭᠠᠩ ᠤᠯᠠᠨ ᠲᠠᠢ ᠰᠤᠷᠤᠯᠴᠠᠭᠰᠠᠨ ᠣᠶᠢᠯᠠᠭᠠᠯᠲᠠ ᠪᠠᠨ ᠰᠣᠯᠢᠯᠴᠠᠵᠤ ᠬᠡᠯᠡᠬᠦ ᠳᠡᠭᠡᠨ᠂ ᠮᠠᠨ ᠤ ᠨᠠᠮ ᠪᠣᠯ ᠬᠤᠪᠢᠰᠬᠠᠯ ᠤᠨ ᠬᠦᠰᠡᠯᠡᠩ ᠪᠣᠯᠣᠨ ᠲᠡᠮᠦᠷ ᠮᠡᠲᠦ ᠰᠠᠬᠢᠯᠭ᠎ᠠ ᠪᠠᠲᠤ ᠪᠠᠷ ᠵᠣᠬᠢᠶᠠᠨ ᠪᠠᠶᠢᠭᠤᠯᠤᠭᠳᠠᠭᠰᠠᠨ ᠮᠠᠷᠺᠰ ᠤᠨ ᠦᠵᠡᠯ ᠤᠨ ᠲᠦᠷᠦ ᠶᠢᠨ ᠨᠠᠮ ᠮᠥᠨ᠂ ᠰᠠᠬᠢᠯᠭ᠎ᠠ ᠪᠠᠲᠤ ᠴᠢᠩᠭ᠎ᠠ ᠪᠠᠶᠢᠬᠤ ᠪᠣᠯ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠥᠪᠡᠷᠮᠢᠴᠡ ᠳᠠᠪᠠᠭᠤᠯᠢᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠨᠠᠮ ᠪᠣᠯᠣᠨ ᠤᠯᠤᠰ ᠤᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠳᠤ ᠪᠠᠲᠤ ᠴᠢᠩᠭ᠎ᠠ ᠰᠠᠬᠢᠯᠭ᠎ᠠ ᠪᠠᠲᠤ ᠶᠢᠨ ᠪᠠᠲᠤᠯᠠᠭ᠎ᠠ ᠬᠠᠩᠭᠠᠵᠠᠢ᠃ ᠪᠥᠬᠦ ᠬᠤᠲᠠ ᠶᠢᠨ ᠨᠠᠮ ᠤᠨ ᠭᠡᠰᠢᠭᠦᠨ ᠺᠠᠳ᠋ᠷᠴᠤᠳ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦ ᠠᠴᠠ ᠨᠢ ᠵᠠᠰᠠᠬᠤ ᠪᠣᠳᠣᠯᠭ᠎ᠠ ᠮᠥᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠤᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠪᠡ᠃       ᠪᠤᠤ ᠭᠠᠩ ᠴᠢᠬᠤᠯᠠᠴᠢᠯᠠᠭᠰᠠᠨ ᠨᠢ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠤᠨ ᠳᠦᠷᠢᠮ︾ ᠡᠨᠡᠬᠦ ᠰᠤᠷᠤᠯᠴᠠᠯᠭ᠎ᠠ ᠶᠢᠨ ᠭᠤᠣᠯᠳᠠᠯᠭ᠎ᠠ ᠶᠢ ᠴᠢᠩᠭ᠎ᠠ ᠠᠳᠬᠤᠵᠤ᠂ ᠪᠦᠯᠦᠭ ᠵᠤᠷᠪᠤᠰ ᠳᠠᠷᠠᠭᠠᠯᠠᠨ ᠭᠦᠨᠵᠡᠭᠡᠢ ᠰᠤᠳᠤᠯᠤᠨ ᠨᠠᠷᠢᠨ ᠤᠩᠰᠢᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠴᠢᠮᠦᠭᠡ ᠴᠢᠬᠤᠯᠠ ᠠᠭᠤᠯᠭ᠎ᠠ ᠪᠣᠯᠣᠨ ᠲᠣᠭᠲᠠᠭᠠᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠨᠣᠪᠴᠢᠲᠠᠢ ᠰᠠᠶᠢᠲᠤᠷ ᠡᠵᠡᠮᠰᠢᠵᠦ᠂ ᠰᠠᠶᠢᠲᠤᠷ ᠵᠢᠷᠤᠮᠯᠠᠬᠤ ᠬᠡᠷᠡᠭᠲᠡᠢ᠃ ᠪᠣᠳᠠᠲᠠᠢ ᠲᠠᠢ ᠤᠶᠠᠯᠳᠤᠭᠤᠯᠤᠨ ᠰᠤᠷᠤᠯᠴᠠᠨ ᠲᠤᠭᠤᠰᠢᠯᠠᠭᠤᠯᠬᠤ ᠶᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠡᠮᠢᠶᠡᠨ ᠲᠠᠲᠠᠭᠠᠯᠵᠠᠬᠤ᠂ ᠬᠠᠰᠢ ᠶᠠᠰᠢ ᠪᠠᠷ ᠠᠷᠭᠠᠴᠠᠭᠠᠬᠤ᠂ ᠠᠵᠢᠯ ᠶᠠᠪᠤᠳᠠᠯ ᠰᠢᠢᠳᠪᠦᠷᠢᠯᠡᠬᠦ ᠳᠤ ᠬᠤᠶᠢᠷᠭᠤᠰᠢᠬᠤ ᠵᠡᠷᠭᠡ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ᠂ ᠤᠳᠠᠭᠠᠨ ᠬᠢᠬᠦ ᠵᠡᠷᠭᠡ ᠠᠰᠠᠭᠤᠳᠠᠯ ᠢ ᠦᠷᠭᠦᠯᠵᠢᠯᠡᠨ ᠬᠦᠴᠦᠯᠡᠨ ᠰᠢᠢᠳᠪᠦᠷᠢᠯᠡᠵᠦ᠂ ᠴᠢᠩᠭ᠎ᠠ ᠲᠣᠳᠣᠷᠬᠠᠢ ᠰᠠᠬᠢᠯᠭ᠎ᠠ ᠪᠠᠲᠤ᠂ ᠰᠠᠶᠢᠨ ᠰᠠᠶᠢᠬᠠᠨ ᠰᠤᠷᠲᠠᠯ ᠢᠶᠠᠷ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠪᠣᠯᠣᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠠᠶᠢᠭᠠᠳ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠲᠡᠷᠡ ᠶᠤᠰᠤᠭᠠᠷ ᠨᠢ ᠦᠴᠦᠬᠡᠨ ᠴᠦ ᠤᠰᠤᠯᠳᠤᠯ ᠦᠭᠡᠢ ᠵᠢᠷᠤᠮᠯᠠᠨ ᠰᠠᠬᠢᠵᠤ᠂ ᠵᠢᠭᠠᠬᠠᠨ ᠮᠠᠭᠤ ᠶᠠᠪᠤᠳᠠᠯ ᠢ ᠴᠦ ᠬᠢᠬᠦ ᠦᠭᠡᠢ᠂ ᠠᠵᠠ ᠵᠠᠪᠰᠢᠶᠠᠨ ᠢ ᠪᠤᠳᠤᠬᠤ ᠦᠭᠡᠢ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠲᠠᠯ᠎ᠠ ᠪᠠᠷ ᠬᠤᠪᠢᠷᠠᠭᠤᠯᠬᠤ ᠦᠭᠡᠢ ᠪᠠᠶᠢᠵᠤ᠂ ᠤᠬᠠᠮᠰᠠᠷ ᠠᠴᠠ ᠪᠠᠨ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠰᠠᠬᠢᠯᠭ᠎ᠠ ᠪᠠᠲᠤ ᠶᠣᠰᠣ ᠳᠦᠷᠢᠮ ᠢ ᠴᠢᠩᠭ᠎ᠠ ᠵᠢᠷᠤᠮᠯᠠᠨ ᠪᠡᠶ᠎ᠡ ᠪᠠᠨ ᠵᠠᠰᠠᠵᠤ ᠠᠵᠢᠯ ᠬᠢᠬᠦ ᠳᠡᠭᠡᠳᠦ ᠬᠡᠮᠵᠢᠶᠡᠨ ᠤ ᠤᠬᠠᠮᠰᠠᠷ ᠲᠠᠢ ᠪᠣᠯᠭᠠᠬᠤ ᠬᠡᠷᠡᠭᠲᠡᠢ᠃ ᠬᠤᠳᠠ ᠶᠢᠨ ᠱᠠᠲᠤᠨ ᠤ ᠤᠳᠤᠷᠢᠳᠤᠯᠭ᠎ᠠ ᠲᠦᠷᠦᠭᠦᠯᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦᠳᠬᠡᠨ ᠪᠢᠰᠢᠷᠡᠵᠦ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠢ ᠵᠠᠪᠠᠯ ᠰᠤᠷᠬᠤ ᠬᠢᠴᠢᠶᠡᠯ᠂ ᠪᠠᠶᠢᠩᠭᠤ ᠰᠤᠷᠬᠤ ᠬᠢᠴᠢᠶᠡᠯ ᠪᠣᠯᠭᠠᠵᠤ᠂ ᠥᠪᠡᠷ ᠤᠨ ᠪᠡᠶ᠎ᠡ ᠳᠡᠭᠡᠨ ᠢᠯᠡᠭᠦᠬᠡᠨ ︽ᠠᠯᠲᠠᠨ ᠴᠠᠭᠠᠷᠢᠭ ᠤᠨ ᠠᠮᠠᠨ ᠲᠠᠷᠨᠢ︾ ᠤᠩᠰᠢᠵᠤ᠂ ᠨᠠᠮ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠬᠠᠮᠠᠭᠠᠯᠠᠨ ᠬᠡᠷᠡᠭᠵᠢᠭᠦᠯᠵᠦ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠲᠤ ᠦᠯᠢᠬᠡᠷ ᠳᠠᠭᠤᠷᠢᠶᠠᠯ ᠪᠣᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ