ᠾᠧ ᠬᠠᠢ ᠳ᠋ᠦᠩ ᠱᠠᠩᠬᠠᠢ ᠶᠢᠨ ᠪᠠᠨ ᠷᠧᠨ ᠮᠠ ᠠᠵᠤ ᠠᠬᠤᠶᠢᠯᠠᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠰᠤᠷᠪᠤᠯᠵᠢᠯᠠᠪᠠ
ᠨᠡᠶᠢᠲᠡᠯᠡᠭᠰᠡᠨ ᠴᠠᠭ᠄
2024/4/26
      ︵ᠰᠤᠷᠪᠤᠯᠵᠢᠯᠠᠭᠴᠢ ᠯᠢᠶᠠᠩ ᠵᠢᠩ ᠱᠤ᠋︶  4 ᠳ᠋ᠦ᠋ᠭᠡᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠨᠠᠷ ᠱᠠᠩᠬᠠᠢ ᠶᠢᠨ ᠪᠠᠨ ᠷᠧᠨ ᠮᠠ ᠠᠵᠤ ᠠᠬᠤᠶᠢᠯᠠᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠺᠣᠮᠫᠠᠨᠢ ᠶᠢᠨ ᠬᠥᠭᠵᠢᠯᠲᠡ ᠶᠢᠨ ᠪᠠᠶᠢᠳᠠᠯ ᠢ ᠣᠶᠢᠯᠠᠭᠠᠨ᠂ ᠦᠢᠯᠡᠳᠬᠦᠨ ᠤ ᠦᠵᠡᠭᠦᠯᠦᠯᠭᠡ ᠶᠢ ᠲᠣᠭᠤᠷᠢᠨ ᠦᠵᠡᠭᠰᠡᠨ ᠪᠥᠭᠡᠳ ᠱᠠᠩᠬᠠᠢ ᠶᠢᠨ ᠪᠠᠨ ᠷᠧᠨ ᠮᠠ ᠠᠵᠤ ᠠᠬᠤᠶᠢᠯᠠᠯ ᠤᠨ ᠬᠥᠭᠵᠢᠭᠦᠯᠦᠯᠲᠡ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠽᠧᠦ ᠢᠦᠢ ᠵᠢᠶᠦ᠋ᠨ ᠲᠠᠢ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠤᠴᠢᠷ ᠶᠠᠪᠤᠳᠠᠯ ᠤᠨ ᠲᠤᠬᠠᠢ ᠶᠠᠷᠢᠯᠴᠠᠵᠤ ᠰᠣᠯᠢᠯᠴᠠᠪᠠ᠃       ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠮᠠᠨ ᠤ ᠬᠤᠲᠠ ᠶᠢᠨ ᠣᠶᠢᠷ᠎ᠠ ᠶᠢᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠪᠠᠨ ᠷᠧᠨ ᠮᠠ ᠪᠦᠯᠦᠭᠯᠡᠯ ᠤᠨ ᠬᠢᠨ ᠴᠠᠬᠢᠯᠭᠠᠨ ᠡᠳᠦᠯᠳᠦ ᠥᠩᠭᠡ ᠬᠤᠪᠢᠷᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠨ᠎ᠠ᠃ ᠬᠥᠬᠡᠬᠤᠲᠠ ᠶᠢᠨ ᠠᠵᠤ ᠦᠢᠯᠡᠰ ᠤᠨ ᠣᠨᠴᠠᠯᠢᠭ ᠢᠯᠡ ᠲᠣᠳᠣ᠂ ᠡᠬᠢ ᠪᠠᠶᠠᠯᠢᠭ ᠤᠨ ᠬᠦᠴᠦᠨ ᠵᠦᠢᠯ ᠲᠥᠪᠯᠡᠷᠡᠩᠭᠦᠢ ᠪᠠᠶᠢᠵᠤ᠂ ᠠᠵᠤ ᠠᠬᠤᠶᠢᠯᠠᠯ ᠤᠨ ᠪᠡᠯᠡ ᠣᠷᠣᠭᠤᠯᠤᠨ ᠬᠦᠭᠵᠢᠬᠦ ᠥᠩ ᠰᠢᠮᠡᠯᠢᠭ ᠬᠥᠷᠥᠰᠥ ᠰᠢᠷᠣᠢ ᠪᠣᠯᠣᠨ᠎ᠠ᠃ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠬᠦᠰᠡᠯ ᠰᠠᠨᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠤ ᠪᠠᠶᠢᠨ᠎ᠠ᠃ ᠬᠥᠬᠡᠬᠤᠲᠠ ᠶᠢᠨ ᠬᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠮᠲᠤᠷᠠᠯᠴᠠᠭᠠᠨ ᠤ ᠵᠥᠪᠯᠡᠯᠴᠡᠭᠡᠷ ᠢ ᠲᠦᠷᠭᠡᠬᠡᠨ ᠲᠣᠬᠢᠷᠠᠯᠴᠠᠬᠤ ᠶᠢ ᠠᠬᠢᠭᠤᠯᠤᠨ᠎ᠠ ᠭᠡᠪᠡ᠃       ᠽᠧᠦ ᠢᠦᠢ ᠵᠢᠶᠦ᠋ᠨ ᠾᠧ ᠬᠠᠢ ᠳ᠋ᠦᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠺᠣᠮᠫᠠᠨᠢ ᠶᠢᠨ ᠦᠢᠯᠡᠳᠬᠦᠨ᠂ ᠮᠡᠷᠭᠡᠵᠢᠯ᠂ ᠵᠠᠬ᠎ᠠ ᠳᠡᠯᠭᠡᠭᠦᠷ ᠵᠡᠷᠭᠡ ᠲᠠᠯ᠎ᠠ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠺᠣᠮᠫᠠᠨᠢ ᠲᠤᠰ ᠪᠡᠶ᠎ᠡ ᠶᠢᠨ ᠮᠡᠷᠭᠡᠵᠢᠯ ᠤᠨ ᠬᠥᠭᠵᠢᠯᠲᠡ ᠳᠤ ᠪᠠᠨ ᠰᠠᠭᠤᠷᠢᠯᠠᠵᠤ᠂ ᠬᠥᠬᠡᠬᠤᠲᠠ ᠶᠢᠨ ᠭᠠᠵᠠᠷ ᠣᠷᠣᠨ ᠤ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠵᠦ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠢᠳᠡᠪᠬᠢᠲᠡᠢ ᠠᠬᠢᠭᠤᠯᠵᠤ᠂ ᠬᠥᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠪᠡ᠃       ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ