ᠾᠧ ᠬᠠᠢ ᠳ᠋ᠦᠩ ᠨᠢᠩᠪᠦ᠋ᠸᠧ ᠬᠤᠲᠠ ᠳᠤ ᠬᠦᠷᠴᠦ ᠠᠵᠤ ᠠᠬᠤᠶᠢᠯᠠᠯ ᠢᠶᠠᠷ ᠰᠢᠨᠵᠢᠯᠡᠨ ᠪᠠᠶᠢᠴᠠᠭᠠᠭᠰᠠᠨ ᠪᠥᠭᠡᠳ ᠲᠦᠷᠦᠯ ᠵᠦᠢᠯ ᠤᠨ ᠭᠡᠷ᠎ᠡ ᠲᠣᠭᠲᠠᠬᠤ ᠶᠢ ᠭᠡᠷᠡᠴᠢᠯᠡᠪᠡ
ᠨᠡᠶᠢᠲᠡᠯᠡᠭᠰᠡᠨ ᠴᠠᠭ᠄
2024/4/28
      4 ᠳ᠋ᠦ᠋ᠭᠡᠷ ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠨᠠᠷ ᠨᠢᠩᠪᠦ᠋ᠸᠧ ᠶᠢᠨ ᠸᠧᠢ ᠷᠧᠦ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠨᠢᠩᠪᠦ᠋ᠸᠧ ᠶᠢᠨ ᠯᠦ ᠮᠢ ᠯᠠᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠪᠠᠷᠠᠭᠤᠨ ᠬᠤᠶᠢᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠣᠹᠧᠰᠰᠣᠷ ᠬᠤᠸᠠᠩ ᠸᠧᠢ ᠶᠢᠨ ᠪᠦᠯᠬᠦᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠬᠤ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠰᠢᠨᠵᠢᠯᠡᠨ ᠪᠠᠶᠢᠴᠠᠭᠠᠵᠤ᠂ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠶᠠᠪᠤᠳᠠᠯ ᠢ ᠵᠣᠯᠭᠠᠭᠤᠯᠵᠤ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠦᠰᠦᠭ ᠵᠢᠷᠤᠪᠠ᠃      ᠾᠧ ᠬᠠᠢ ᠳ᠋ᠦᠩ ᠬᠡᠯᠡᠬᠦ ᠳᠡᠭᠡᠨ᠂ ᠬᠥᠬᠡᠬᠤᠲᠠ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠤᠷᠢᠲᠠ ᠠᠴᠠ ᠪᠠᠶᠢᠷᠢᠯᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠬᠤᠷᠠᠮᠳᠤᠭᠤᠯᠵᠤ ᠪᠠᠶᠢᠨ᠎ᠠ᠃ ᠬᠥᠬᠡᠬᠤᠲᠠ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠨᠢ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠲᠣᠰ ᠲᠣᠰ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠲᠦᠷᠭᠡᠨ ᠠᠬᠢᠭᠤᠯᠵᠤ᠂ ᠬᠥᠬᠡᠬᠤᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃      ᠬᠤᠶᠠᠷ ᠺᠣᠮᠫᠠᠨᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠬᠥᠬᠡᠬᠤᠲᠠ ᠶᠢᠨ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠰᠠᠶᠢᠨ᠂ ᠬᠥᠭᠵᠢᠯᠲᠡ ᠶᠢᠨ ᠢᠷᠡᠭᠡᠳᠦᠢ ᠰᠠᠷᠠᠭᠤᠯ ᠠᠭᠤᠳᠠᠮ᠂ ᠦᠢᠯᠡᠳᠪᠦᠷᠢᠯᠡᠯ ᠤᠨ ᠡᠯᠧᠮᠧᠨ᠋ᠲ ᠪᠣᠯᠣᠨ ᠠᠵᠤ ᠦᠢᠯᠡᠰ ᠤᠨ ᠪᠠᠶᠢᠷᠢᠰᠢᠭᠤᠯᠤᠯᠲᠠ ᠨᠢ ᠠᠵᠤ ᠠᠬᠤᠶᠢᠯᠠᠯ ᠤᠨ ᠬᠥᠭᠵᠢᠯᠲᠡ ᠶᠢᠨ ᠱᠠᠭᠠᠷᠳᠠᠯᠭ᠎ᠠ ᠪᠣᠯᠣᠨ ᠴᠢᠭᠯᠡᠯ ᠲᠠᠢ ᠨᠡᠶᠢᠴᠡᠵᠦ᠂ ᠠᠵᠤ ᠠᠬᠤᠶᠢᠯᠠᠯ ᠤᠨ ᠬᠢᠨ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠵᠤ᠂ ᠬᠠᠮᠲᠤ ᠳᠤ ᠠᠰᠢᠭᠲᠠᠢ ᠬᠥᠭᠵᠢᠯᠲᠡ ᠶᠢ ᠪᠡᠶᠡᠯᠡᠭᠦᠯᠦᠨ᠎ᠡ ᠭᠡᠵᠡᠢ᠃      ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠬᠥᠬᠡᠬᠤᠲᠠ ᠶᠢᠨ ᠵᠠᠰᠠᠭ ᠤᠨ ᠣᠷᠳᠣᠨ ᠪᠣᠯᠤᠨ ᠬᠤᠸᠠᠩ ᠸᠧᠶ ᠶᠢᠨ ᠠᠺᠠᠳᠧᠮᠢᠴᠢ ᠶᠢᠨ ᠪᠦᠯᠬᠦᠮ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠵᠤ᠂ ᠬᠠᠮᠢᠶ᠎ᠠ ᠪᠦᠬᠦᠢ ᠬᠠᠮᠲᠤᠷᠠᠯᠴᠠᠭᠠᠨ ᠤ ᠵᠦᠢᠯᠡᠰ ᠢ ᠲᠣᠭᠲᠠᠭᠠᠪᠠ᠃      ᠬᠤᠲᠠ ᠶᠢᠨ ᠤᠳᠤᠷᠢᠳᠤᠯᠭ᠎ᠠ ᠵᠦ ᠵᠢᠶᠠᠨ ᠭᠦᠸᠧ ᠵᠢᠴᠢ ᠮᠠᠨ ᠤ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠢᠨᠵᠢᠯᠡᠨ ᠪᠠᠶᠢᠴᠠᠭᠠᠬᠤ ᠪᠠ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ