ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ︵ᠥᠷᠭᠡᠳᠬᠡᠭᠰᠡᠨ︶ ᠤᠨ 2024 ᠣᠨ ᠤ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ  ᠬᠢᠮᠡᠯ ᠤᠶᠤᠨ ᠤ ᠮᠡᠷᠭᠡᠵᠢᠯ ᠵᠢᠴᠢ ᠬᠡᠷᠡᠭᠯᠡᠭᠡᠨ ᠤ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/4/29
ᠪᠤᠤ ᠭᠠᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ  ᠯᠢ ᠵᠢᠶᠦ᠋ᠩ  ᠼᠦᠢ ᠵᠧᠨ ᠦ᠋ ᠤᠷᠤᠯᠴᠠᠪᠠ       ︵ᠰᠤᠷᠪᠤᠯᠵᠢᠯᠠᠭᠴᠢ ᠶᠦᠨ ᠵᠢᠩ︶ 4 ᠳ᠋ᠦ᠋ᠭᠡᠷ ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠬᠢᠮᠡᠯ ᠤᠶᠤᠨ ᠤ ᠮᠡᠷᠭᠡᠵᠢᠯ ᠵᠢᠴᠢ ᠬᠡᠷᠡᠭᠯᠡᠭᠡᠨ ᠤ ᠲᠣᠭᠤᠷᠢᠨ ᠳᠤ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ  ᠪᠤᠤ ᠭᠠᠩ ᠬᠤᠷᠠᠯ ᠢ ᠡᠷᠬᠢᠯᠡᠨ ᠶᠠᠷᠢᠶ᠎ᠠ ᠲᠠᠯᠪᠢᠵᠠᠢ᠃       ᠬᠤᠷᠠᠯ ᠳᠡᠭᠡᠷ᠎ᠡ᠂ ᠺᠧ ᠳ᠋ᠠ ᠰᠢᠶᠦ᠋ᠨ ᠹᠧᠢ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠵᠠᠬᠢᠷᠤᠭᠴᠢ ᠦ᠋ ᠰᠢᠶᠣᠣ ᠷᠦ ᠤᠷᠢᠯᠭ᠎ᠠ ᠪᠠᠷ ︽ᠨᠡᠶᠢᠳᠡᠮ ᠬᠡᠷᠡᠭᠯᠡᠬᠦ ᠬᠢᠮᠡᠯ ᠤᠶᠤᠨ ᠤ ᠮᠡᠷᠭᠡᠵᠢᠯ ᠤᠨ ᠠᠬᠢᠴᠠ ᠪᠠ ᠨᠡᠶᠢᠲᠡᠯᠢᠭ ᠬᠡᠷᠡᠭᠯᠡᠯᠲᠡ︾ ᠰᠡᠳᠦᠪ ᠢᠶᠠᠷ ᠵᠢᠯᠤᠭᠤᠳᠬᠤ ᠮᠡᠳᠡᠭᠦᠯᠦᠯᠲᠡ ᠬᠢᠵᠦ᠂ ᠬᠢᠮᠡᠯ ᠤᠶᠤᠨ ᠤ ᠬᠥᠭᠵᠢᠯᠲᠡ ᠶᠢ ᠪᠡᠶᠡᠯᠡᠭᠦᠯᠬᠦ ᠮᠡᠷᠭᠡᠵᠢᠯ ᠤᠨ ᠱᠤᠭᠤᠮ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠬᠢᠮᠡᠯ ᠤᠶᠤᠨ ᠤ ᠡᠯ᠎ᠡ ᠠᠵᠢᠯ ᠲᠥᠷᠥᠯ ᠳᠤ ᠭᠦᠨᠵᠡᠭᠡᠶᠢᠷᠡᠨ ᠪᠦᠲᠦᠮᠵᠢᠲᠡᠶ ᠬᠡᠷᠡᠭᠯᠡᠯᠲᠡ ᠪᠠ ᠢᠷᠡᠭᠡᠳᠦᠢ ᠶᠢᠨ ᠲᠥᠯᠥᠪ ᠢ ᠠᠮᠢᠳᠤᠯᠢᠭ ᠢᠶᠠᠷ ᠵᠢᠷᠤᠭᠯᠠᠭᠰᠠᠨ ᠪᠠᠶᠢᠨ᠎ᠠ᠃ ᠬᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠢ ᠰᠣᠨᠣᠰᠴᠤ᠂ ᠵᠢᠯᠤᠭᠤᠳᠬᠤ ᠮᠡᠳᠡᠭᠦᠯᠦᠯᠲᠡ ᠨᠢ ᠲᠤᠰᠬᠠᠢ ᠮᠡᠷᠭᠡᠵᠢᠯ ᠤᠨ ᠡᠷᠬᠡ ᠬᠦᠨᠳᠦ ᠲᠠᠢ᠂  ᠰᠢᠰᠲ᠋ᠧᠮ ᠲᠠᠢ ᠪᠦᠬᠦ ᠲᠠᠯ᠎ᠠ ᠶᠢ ᠬᠠᠮᠤᠷᠴᠤ᠂ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠤᠳᠬᠤ ᠴᠢᠨᠠᠷ ᠲᠠᠢ᠂ ᠰᠣᠨᠣᠰᠤᠭᠰᠠᠨ ᠤ ᠳᠠᠷᠠᠭ᠎ᠠ ᠮᠠᠰᠢ ᠶᠡᠭᠡ ᠣᠯᠣᠯᠲᠠ ᠲᠠᠢ ᠪᠠᠶᠢᠵᠤ᠂ ᠬᠢᠮᠡᠯ ᠤᠶᠤᠨ ᠤ ᠠᠵᠤ ᠦᠢᠯᠡᠰ ᠢ ᠨᠡᠩ ᠰᠠᠶᠢᠲᠤᠷ ᠡᠵᠡᠮᠰᠢᠨ ᠬᠥᠭᠵᠢᠭᠦᠯᠵᠦ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠦᠯᠬᠢᠴᠡ ᠦᠢᠯᠡᠳᠦᠯ ᠲᠠᠢ ᠭᠡᠵᠦ ᠰᠠᠨᠠᠯ ᠨᠢᠭᠡᠲᠡᠢ ᠦᠵᠡᠵᠡᠭᠡᠪᠡ᠃        ᠪᠤᠤ ᠭᠠᠩ ᠬᠡᠯᠡᠬᠦ ᠳᠡᠭᠡᠨ᠂ ᠬᠢᠮᠡᠯ ᠤᠶᠤᠨ ᠪᠣᠯ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ ᠬᠤᠪᠢᠰᠤᠯᠲᠠ ᠶᠢᠨ ᠴᠢᠬᠤᠯᠠ ᠬᠥᠳᠡᠯᠭᠡᠬᠦ ᠬᠦᠴᠦᠨ ᠮᠥᠨ᠂ ᠬᠡᠨ ᠬᠢᠮᠡᠯ ᠤᠶᠤᠨ ᠢ ᠡᠵᠡᠮᠳᠡᠪᠡᠯ ᠲᠡᠷᠡ ᠳᠠᠷᠤᠢ ᠢᠷᠡᠭᠡᠳᠦᠢ ᠶᠢ ᠡᠵᠡᠮᠲᠡᠵᠦ ᠴᠢᠳᠠᠨ᠎ᠠ᠃ ᠬᠥᠬᠡᠬᠤᠲᠠ ᠪᠣᠯ ᠤᠯᠤᠰ ᠤᠨ ︽ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠣᠳᠣᠬᠤ︾ ᠤᠮᠠᠷᠠᠲᠤ ᠶᠢᠨ ᠪᠣᠳᠣᠯᠭ᠎ᠠ ᠶᠢᠨ ᠬᠦᠴᠦᠨ ᠤ ᠲᠥᠪ ᠪᠠᠶᠢᠵᠤ᠂ ᠤᠯᠤᠰ ᠤᠨ ᠲᠠᠰ ᠤᠨ ᠢᠨᠲ᠋ᠧᠷ ᠰᠦᠯᠵᠢᠶᠡᠨ ᠤ ᠭᠤᠣᠯᠯᠠᠭᠴᠢ ᠰᠢᠭᠤᠳ ᠬᠤᠯᠪᠣᠭᠠᠯᠠᠬᠤ ᠴᠡᠭ᠂ ᠣᠯᠠᠨ ᠤᠯᠤᠰ ᠤᠨ ᠢᠨᠲ᠋ᠧᠷ ᠰᠦᠯᠵᠢᠶᠡᠨ ᠤ ᠲᠤᠭ᠎ᠠ ᠪᠠᠷᠢᠮᠲᠠ ᠶᠢᠨ ᠲᠤᠰᠬᠠᠢ ᠨᠡᠪᠲᠡᠷᠡᠬᠦ ᠵᠠᠮ ᠢ ᠨᠡᠭᠡᠭᠡᠵᠦ᠂ ᠬᠤᠯᠪᠣᠭᠳᠠᠯ ᠪᠦᠬᠦᠢ ᠬᠦᠷᠢᠶᠡᠨ ᠤ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠵᠠᠯᠭᠠᠭ᠎ᠠ ᠪᠠᠷ ᠮᠠᠨ ᠤ ᠬᠤᠲᠠ ᠳᠤ ᠪᠣᠳᠣᠯᠭ᠎ᠠ ᠶᠢᠨ ᠬᠦᠴᠦᠨ ᠤ ᠲᠥᠪ ᠢ ᠪᠠᠶᠢᠷᠢᠰᠢᠭᠤᠯᠪᠠ᠃ ᠪᠢᠳᠡ ᠬᠢᠮᠡᠯ ᠤᠶᠤᠨ ᠤ ᠬᠥᠭᠵᠢᠯᠲᠡ ᠶᠢᠨ ᠠᠵᠠ ᠲᠣᠬᠢᠶᠠᠯ ᠢ ᠠᠮᠵᠢᠨ ᠠᠳᠬᠤᠵᠤ᠂ ᠬᠢᠮᠡᠯ ᠤᠶᠤᠨ ᠶᠢ ᠢᠷᠡᠭᠡᠳᠦᠢ ᠶᠢᠨ ᠠᠵᠤ ᠦᠢᠯᠡᠰ ᠪᠣᠯᠭᠠᠨ ᠭᠤᠣᠯᠳᠠᠯᠭ᠎ᠠ ᠲᠠᠢ ᠠᠬᠢᠭᠤᠯᠵᠤ᠂ ᠠᠮᠤᠷ ᠲᠦᠪᠰᠢᠨ ᠨᠠᠶᠢᠳᠠᠪᠤᠷᠢᠲᠠᠢ ᠪᠣᠳᠣᠯᠭ᠎ᠠ ᠶᠢᠨ ᠬᠦᠴᠦᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠪᠦᠬᠦ ᠬᠦᠷᠢᠶ᠎ᠡ ᠴᠠᠷᠠᠭ᠎ᠠ ᠪᠦᠬᠦ ᠴᠠᠭ ᠤᠨ ᠬᠡᠷᠡᠭᠯᠡᠭᠡᠨ ᠤ ᠠᠬᠤᠢ ᠪᠠᠶᠢᠳᠠᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠠᠵᠢᠯ ᠲᠦᠷᠦᠯ ᠤᠨ ᠲᠣᠮᠣ ᠵᠠᠭᠪᠤᠷ ᠤᠨ ᠪᠠᠶᠢᠭᠤᠯᠤᠯᠲᠠ ᠶᠢ ᠲᠦᠷᠭᠡᠳᠬᠡᠵᠦ᠂ ᠬᠢᠮᠡᠯ ᠤᠶᠤᠨ ᠢ ᠠᠵᠤ ᠦᠢᠯᠡᠰ ᠤᠨ ᠬᠥᠭᠵᠢᠯᠲᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠮᠢ ᠠᠬᠤᠢ ᠶᠢᠨ ᠪᠠᠶᠢᠭᠤᠯᠤᠯᠲᠠ᠂ ᠰᠤᠷᠭᠠᠨ ᠬᠥᠮᠦᠵᠢᠯ ᠡᠮ ᠡᠮᠨᠡᠯᠭᠡ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠬᠦ ᠶᠢ ᠠᠬᠢᠭᠤᠯᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠰᠢᠨ᠎ᠡ ᠬᠥᠳᠡᠯᠭᠡᠬᠦ ᠬᠦᠴᠦᠨ  ᠬᠤᠷᠠᠮᠳᠠᠭᠤᠯᠬᠤ ᠬᠡᠷᠡᠭᠲᠡᠢ ᠭᠡᠪᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ